ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠬᠤᠷᠠᠯ ᠤᠨ ᠵᠤᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠪᠠ
ᠨᠡᠶᠢᠲᠡᠯᠡᠭᠰᠡᠨ ᠴᠠᠭ᠄
2021/11/16
      2021 ᠣᠨ ᠤ 11 ᠳ᠋ᠤᠭᠡᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨ ᠢ ᠬᠤᠷᠠᠯ ᠡᠷᠬᠢᠯᠡᠪᠡ᠂ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾ ᠶᠢ ᠰᠤᠷᠤᠯᠴᠠᠵᠤ᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠲᠥᠰᠦᠯ︾ ᠢ ᠬᠢᠨᠠᠨ ᠶᠠᠷᠢᠯᠴᠠᠵᠤ ᠪᠠᠲᠤᠯᠠᠪᠠ᠃
     ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠴᠢᠬᠤᠯᠠ ᠲᠡᠦᠬᠡᠨ ᠴᠠᠭ ᠮᠥᠴᠡ ᠳᠤ᠂ ᠨᠠᠮ ᠠᠴᠠ ᠠᠷᠠᠳ ᠲᠦᠮᠡᠨ ᠢ ᠤᠳᠤᠷᠢᠳᠤᠨ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ  ᠰᠢᠢᠳᠪᠦᠷᠢ︾᠂ ᠭᠡᠷᠡᠯ ᠰᠠᠴᠤᠷᠠᠩᠭᠤᠢ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠤᠯᠤᠰ ᠲᠦᠷᠦ ᠶᠢᠨ ᠲᠤᠩᠬᠠᠭ᠂ ᠲᠡᠦᠬᠡ ᠪᠠᠷ ᠲᠤᠯᠢ ᠪᠣᠯᠭᠠᠬᠤ᠂ ᠢᠷᠡᠭᠡᠳᠦᠢ ᠶᠢ ᠨᠡᠭᠡᠭᠡᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠵᠢᠯᠯᠠᠭᠠᠨ ᠤ ᠵᠦᠭᠯᠡᠭᠦᠷ ᠮᠥᠨ᠃ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷ ᠤᠬᠠᠮᠰᠠᠷ ᠠᠴᠠ ᠪᠠᠨ ︽ᠭᠤᠷᠪᠠᠨ ᠬᠡᠷᠡᠭᠴᠡᠭᠡ︾ ᠶᠢᠨ ᠤᠯᠤᠰ ᠲᠥᠷᠥ ᠶᠢᠨ ᠦᠨᠳᠦᠷᠴᠡ ᠳᠡᠭᠡᠷ᠎ᠡ ᠵᠣᠭᠰᠣᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠮᠠᠨ ᠤ ᠨᠠᠮ ᠤᠨ ᠵᠠᠭᠤᠨ ᠵᠢᠯ ᠤᠨ ᠶᠡᠭᠡ ᠨᠠᠮ ᠪᠣᠯᠤᠭᠰᠠᠨ ᠤ ᠬᠤᠪᠢ ᠳᠠᠬᠢ ᠭᠦᠨ ᠵᠤᠵᠠᠭᠠᠨ ᠲᠡᠦᠬᠡᠲᠦ ᠰᠡᠳᠬᠢᠯᠭᠡ ᠶᠢ ᠭᠦᠨᠵᠡᠭᠡᠢ ᠣᠶᠢᠯᠠᠭᠠᠵᠤ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠳᠡᠭᠡᠳᠦ ᠬᠡᠮᠵᠢᠶᠡᠨ ᠤ ᠲᠡᠦᠬᠡ ᠶᠢᠨ ᠤᠬᠠᠮᠰᠠᠷ ᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃  ᠪᠠᠶᠢᠭᠤᠯᠭ᠎ᠠ ᠶᠢᠨ ᠨᠠᠮ ᠤᠨ ᠬᠤᠷᠢᠶ᠎ᠠ ᠪᠣᠯᠤᠨ ᠡᠯ᠎ᠡ ᠨᠠᠮ ᠤᠨ ᠡᠭᠦᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠢ ᠲᠥᠰᠦᠯ ᠤᠨ ᠳᠤᠬᠢᠷᠠᠭᠤᠯᠤᠯᠳᠠ ᠶᠣᠰᠣᠭᠠᠷ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷᠯᠢᠭ ᠵᠡᠷᠭᠡ ᠬᠡᠯᠪᠡᠷᠢ ᠶᠢ ᠭᠦᠢᠴᠡᠳ ᠠᠰᠢᠭᠯᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠦᠵᠡᠪᠡ᠃
     ᠬᠤᠷᠠᠯ ᠠᠴᠠ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠣᠯᠭᠠᠵᠤ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠡᠮᠴᠢᠯᠡᠭᠡ ᠶᠢᠨ ᠪᠠᠳᠤᠯᠠᠭ᠎ᠠ  ᠶᠢᠨ ᠠᠵᠢᠯ ᠤᠨ ᠪᠦᠬᠦ ᠶᠠᠪᠤᠴᠠ ᠪᠣᠯᠤᠨ ᠡᠯ᠎ᠡ ᠲᠠᠯ᠎ᠠ ᠳᠤ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡ ᠶᠢᠨ ᠪᠠᠳᠤᠯᠠᠭ᠎ᠠ  ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠪᠣᠳᠠᠲᠠᠢ ᠰᠠᠶᠢᠲᠤᠷ ᠬᠢᠵᠦ᠂ 11 ᠳ᠋ᠤᠭᠡᠷ ᠰᠠᠷ᠎ᠠ ᠶᠢᠨ ᠰᠡᠭᠦᠯᠴᠢ ᠪᠠᠷ᠂ ᠤᠯᠤᠰ ᠤᠨ ᠡᠮᠴᠢᠯᠡᠭᠡ ᠶᠢᠨ ᠪᠠᠳᠤᠯᠠᠭ᠎ᠠ  ᠶᠢᠨ ᠮᠡᠳᠡᠭᠡ ᠵᠠᠩᠭᠢ ᠶᠢᠨ ᠲᠠᠪᠴᠠᠩ ᠢ ᠪᠦᠬᠦ ᠣᠷᠣᠨ ᠳᠤ ᠪᠦᠬᠦ ᠲᠠᠯ᠎ᠠ ᠪᠠᠷ ᠰᠦᠯᠵᠢᠶᠡᠨ ᠳᠤ ᠣᠷᠣᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠬᠦ ᠪᠠᠷ ᠡᠭᠦᠰᠭᠡᠯ ᠲᠡᠭᠦᠰᠬᠡᠯ ᠪᠣᠯᠭᠠᠵᠤ᠂ ᠠᠷᠠᠳ ᠤᠯᠠᠨ ᠤ ᠤᠴᠢᠷ ᠶᠠᠪᠤᠳᠠᠯ ᠰᠢᠢᠳᠪᠦᠷᠢᠯᠡᠬᠦ ᠳᠤ ᠨᠡᠩ ᠲᠦᠬᠦᠮ ᠪᠣᠯᠭᠠᠬᠤ ᠬᠡᠷᠡᠭᠲᠡᠢ᠃ ᠣᠯᠭᠤᠮᠵᠢ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠷᠢᠨ ᠨᠠᠶᠢᠳᠠᠪᠤᠷᠢᠵᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠮ ᠲᠠᠩ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠂ ᠡᠮ ᠡᠮᠨᠡᠯᠭᠡ ᠶᠢᠨ ᠳᠠᠭᠠᠳᠬᠠᠯ ᠤᠨ ᠡᠮ ᠲᠠᠩ ᠤᠨ ᠭᠠᠷᠴᠠᠭ ᠲᠤ ᠬᠥᠳᠡᠯᠦᠩᠭᠦᠶ ᠲᠣᠬᠢᠷᠠᠭᠤᠯᠤᠯᠲᠠ ᠬᠢᠬᠦ᠂ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃      ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ᠂ ᠲᠤᠪᠴᠢᠶ᠎ᠠ ᠶᠢᠨ ᠳᠣᠲᠣᠷᠠᠬᠢ ᠡᠯ᠎ᠡ ᠭᠠᠵᠠᠷ ᠭᠡᠷ᠂ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号