ᠤᠯᠤᠰ ᠠᠴᠠ ᠵᠣᠬᠢᠶᠠᠨ ᠪᠠᠶᠢᠭᠤᠯᠤᠭᠰᠠᠨ ᠭᠤᠷᠪᠠᠳᠤᠭᠠᠷ ᠪᠦᠯᠦᠭ ᠤᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠳᠤ ᠰᠤᠩᠭᠤᠭᠳᠠᠭᠰᠠᠨ ᠡᠮ ᠲᠠᠩ ᠤᠨ ᠭᠡᠷ᠎ᠡ ᠶᠢ ᠦᠷᠭᠦᠯᠵᠢᠯᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/11/16
      ᠥᠪᠥᠷ ᠡᠮ ᠬᠤᠳᠠᠯᠳᠤᠨ ᠠᠪᠬᠤ ᠲᠥᠪ ᠦᠰᠦᠭ ﹇2021﹈ 228 ᠳ᠋ᠤᠭᠠᠷ ᠲᠣᠭᠠᠲᠤ ᠡᠯ᠎ᠡ ᠬᠠᠮᠢᠶ᠎ᠠ ᠪᠥᠬᠦᠶ ᠨᠢᠭᠡᠴᠡ᠄      ︽ᠪᠥᠬᠦ ᠤᠯᠤᠰ ᠤᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠪᠢᠴᠢᠭ ᠮᠠᠲ᠋ᠧᠷᠢᠶᠠᠯ ︵GY-YD2020-1︶︾ ᠪᠠ ︽ᠤᠯᠤᠰ ᠠᠴᠠ ᠶᠢ ᠵᠣᠬᠢᠶᠠᠨ ᠪᠠᠶᠢᠭᠤᠯᠤᠭᠰᠠᠨ ᠡᠮ ᠲᠠᠩ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠵᠥᠪᠯᠡᠯᠴᠡᠭᠡᠷ ᠤᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠬᠦ ᠲᠤᠬᠠᠶ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠤᠨ ᠮᠡᠳᠡᠭᠳᠡᠯ︾ ︵ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ  ﹇2021﹈ 44 ᠳ᠋ᠤᠭᠡᠷ ᠲᠣᠭᠠᠲᠤ︶ ᠢ ᠦᠨᠳᠦᠰᠦᠯᠡᠨ᠂ ᠡᠳᠦᠭᠡ ᠭᠤᠷᠪᠠᠳᠤᠭᠠᠷ ᠪᠦᠯᠦᠭ ᠤᠨ ᠤᠯᠤᠰ ᠠᠴᠠ ᠵᠣᠬᠢᠶᠠᠨ ᠪᠠᠶᠢᠭᠤᠯᠤᠭᠰᠠᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠳᠤ ᠰᠤᠩᠭᠤᠭᠳᠠᠭᠰᠠᠨ ᠡᠮ ᠲᠠᠩ ᠤᠨ ᠭᠡᠷ᠎ᠡ ᠶᠢ ᠦᠷᠭᠦᠯᠵᠢᠯᠡᠭᠦᠯᠬᠦ ᠠᠵᠢᠯ ᠥᠷᠨᠢᠭᠦᠯᠦᠨ᠎ᠡ᠂ ᠬᠠᠮᠢᠶ᠎ᠠ ᠪᠥᠬᠦᠶ ᠱᠠᠭᠠᠷᠳᠠᠯᠭ᠎ᠠ ᠳᠣᠤᠷᠠᠬᠢ ᠮᠡᠲᠦ᠄      ᠨᠢᠭᠡ᠂ ᠡᠮ ᠲᠠᠩ ᠤᠨ ᠬᠡᠪᠴᠢᠶ᠎ᠡ      ᠤᠤᠯ ᠤᠨ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠨᠢ 1 ᠵᠢᠯ ᠤᠨ ᠰᠤᠩᠭᠤᠭᠳᠠᠭᠰᠠᠨ ᠡᠮ ᠲᠠᠩ ︵ᠳᠠᠭᠠᠯᠳᠤᠭᠤᠯᠤᠯ 1 ᠢ ᠦᠵᠡ︶ ᠪᠠ ᠤᠤᠯ ᠤᠨ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠨᠢ 2 ᠵᠢᠯ ᠠᠴᠠ ᠳᠡᠭᠡᠭᠰᠢ  ᠪᠤᠯᠤᠭᠰᠠᠨ ᠰᠤᠩᠭᠤᠭᠳᠠᠭᠰᠠᠨ ᠡᠮ ᠲᠠᠩ ︵ᠳᠠᠭᠠᠯᠳᠤᠭᠤᠯᠤᠯ 2 ᠢ ᠦᠵᠡ︶᠃      ᠬᠤᠶᠠᠷ᠂ ᠬᠤᠳᠠᠯᠳᠤᠨ ᠠᠪᠬᠤ ᠬᠡᠮᠵᠢᠶ᠎ᠡ ᠶᠢ ᠪᠣᠯᠵᠣᠨ ᠲᠣᠭᠲᠠᠭᠠᠬᠤ      ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠳᠡᠭᠡᠭᠰᠢ ᠮᠡᠳᠡᠭᠦᠯᠦᠭᠰᠡᠨ ᠬᠤᠳᠠᠯᠳᠤᠨ ᠠᠪᠬᠤ ᠬᠤᠶᠠᠳᠤᠭᠠᠷ ᠣᠨ ᠤ ᠤᠷᠢᠳᠴᠢᠯᠠᠨ ᠬᠤᠳᠠᠯᠳᠤᠨ ᠠᠪᠬᠤ ᠬᠡᠮᠵᠢᠶ᠎ᠡ ᠶᠢ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠪᠣᠯᠭᠠᠵᠤ᠂ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠶᠢ ᠨᠢᠭᠡᠨᠲᠡ ᠰᠦᠯᠵᠢᠶᠡᠨ ᠳᠤ ᠬᠤᠯᠪᠤᠭᠰᠠᠨ ᠡᠮ ᠲᠠᠩ ᠳᠤ ᠪᠣᠳᠠᠲᠠᠶ ᠪᠠᠷ ᠬᠦᠷᠦᠭᠦᠯᠦᠨ᠎ᠡ ︵ᠳᠠᠭᠠᠯᠳᠤᠭᠤᠯᠤᠯ 3 ᠶᠢ ᠦᠵᠡ︶᠃      ᠭᠤᠷᠪᠠ᠂ ᠭᠡᠷ᠎ᠡ ᠶᠢ ᠦᠷᠭᠦᠯᠵᠢᠯᠡᠭᠦᠯᠬᠦ ᠲᠦᠷᠢᠮ      ᠬᠤᠶᠠᠳᠤᠭᠠᠷ ᠣᠨ ᠤ ᠬᠤᠳᠠᠯᠳᠤᠨ ᠠᠪᠬᠤ ᠡᠮ ᠲᠠᠩ ᠤᠨ ᠬᠤᠳᠠᠯᠳᠤᠨ ᠠᠪᠬᠤ ᠦᠨ᠎ᠡ ᠬᠠᠩᠰᠢ ᠶᠢ ᠭᠤᠷᠪᠠᠳᠤᠭᠠᠷ ᠪᠦᠯᠦᠭ ᠤᠨ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠳᠤ ᠰᠤᠩᠭᠤᠭᠳᠠᠭᠰᠠᠨ ᠡᠮ ᠲᠠᠩ ᠤᠨ ᠦᠨ᠎ᠡ ᠬᠠᠩᠰᠢ ᠶᠢᠨ ᠶᠣᠰᠣᠭᠠᠷ ᠦᠷᠭᠦᠯᠵᠢᠯᠡᠨ ᠬᠡᠷᠡᠭᠵᠢᠭᠦᠯᠦᠨ᠎ᠡ᠃      ︵ᠨᠢᠭᠡ︶ ᠤᠤᠯ ᠤᠨ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠨᠢ 1 ᠵᠢᠯ ᠪᠠᠶᠢᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ᠬᠡᠷᠪᠡ ᠳᠡᠭᠡᠷᠡᠬᠢ ᠲᠦᠷᠢᠮ ᠢᠶᠠᠷ ᠭᠡᠷ᠎ᠡ ᠪᠠᠨ ᠦᠷᠭᠦᠯᠵᠢᠯᠡᠭᠦᠯᠬᠦ ᠶᠢ ᠵᠥᠪᠰᠢᠶᠡᠷᠡᠪᠡᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾ ︵ᠳᠠᠭᠠᠯᠳᠤᠭᠤᠯᠤᠯ 4︶᠂ ︽ᠬᠠᠤᠯᠢ ᠪᠠᠷ ᠡᠷᠬᠡᠳᠡᠨ ᠤ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ︾ ︵ᠳᠠᠭᠠᠯᠳᠤᠭᠤᠯᠤᠯ 5︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠴᠠ ᠵᠣᠬᠢᠶᠠᠨ ᠪᠠᠶᠢᠭᠤᠯᠤᠭᠰᠠᠨ ᠭᠤᠷᠪᠠᠳᠤᠭᠠᠷ ᠪᠦᠯᠦᠭ ᠤᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠳᠤ ᠰᠤᠩᠭᠤᠭᠳᠠᠭᠰᠠᠨ ᠡᠮ ᠲᠠᠩ ᠤᠨ ᠭᠡᠷ᠎ᠡ ᠶᠢ ᠦᠷᠭᠦᠯᠵᠢᠯᠡᠭᠦᠯᠬᠦ ᠠᠮᠠᠯᠠᠯᠲᠠ ᠶᠢᠨ ᠪᠢᠴᠢᠭ︾ ︵ᠳᠠᠭᠠᠯᠳᠤᠭᠤᠯᠤᠯ 6︶ ᠢ ᠲᠤᠰᠢᠶᠠᠬᠤ ᠬᠡᠷᠡᠭᠲᠡᠶ︔ ᠬᠡᠷᠪᠡ ᠭᠡᠷ᠎ᠡ ᠶᠢ ᠦᠷᠭᠦᠯᠵᠢᠯᠡᠭᠦᠯᠬᠦ ᠶᠢ ᠵᠥᠪᠰᠢᠶᠡᠷᠡᠬᠦ ᠥᠬᠡᠶ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾᠂ ︽ᠬᠠᠤᠯᠢ ᠪᠠᠷ ᠡᠷᠬᠡᠳᠡᠨ ᠤ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ︾ ᠪᠣᠯᠤᠨ ᠪᠠᠶᠢᠳᠠᠯ ᠤᠨ ᠲᠣᠳᠣᠷᠬᠠᠶᠢᠯᠠᠯᠲᠠ ᠶᠢ ᠲᠤᠰᠢᠶᠠᠬᠤ ᠬᠡᠷᠡᠭᠲᠡᠶ᠃      ︵ᠬᠤᠶᠠᠷ︶ ᠤᠤᠯ ᠤᠨ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠨᠢ 2 ᠵᠢᠯ ᠠᠴᠠ ᠳᠡᠭᠡᠭᠰᠢ ᠪᠤᠯᠤᠭᠰᠠᠨ  ᠦᠢᠯᠡᠳᠪᠦᠷᠢᠯᠡᠯ ᠤᠨ ᠠᠵᠤ ᠠᠬᠤᠶᠢᠯᠠᠯ ᠨᠢ ᠬᠤᠶᠠᠳᠤᠭᠠᠷ ᠣᠨ ᠤ ᠬᠤᠳᠠᠯᠳᠤᠨ ᠠᠪᠬᠤ ᠠᠵᠢᠯ ᠢ ᠰᠢᠭᠤᠳ ᠥᠷᠨᠢᠭᠦᠯᠦᠨ᠎ᠡ᠃      ᠳᠥᠷᠪᠡ᠂ ᠮᠠᠲ᠋ᠧᠷᠢᠶᠠᠯ ᠲᠤᠰᠢᠶᠠᠬᠤ ᠠᠷᠭ᠎ᠠ ᠮᠠᠶ᠋ᠢᠭ      ᠠᠵᠤ ᠠᠬᠤᠶᠢᠯᠠᠯ 2021 ᠣᠨ ᠤ 11 ᠳ᠋ᠤᠭᠡᠷ ᠰᠠᠷ᠎ᠠ ᠶᠢᠨ 15 ᠤ ᠡᠳᠦᠷ ᠠᠴᠠ 11 ᠳ᠋ᠤᠭᠡᠷ ᠰᠠᠷ᠎ᠠ ᠶᠢᠨ 17 ᠤ ᠡᠳᠦᠷ ᠪᠣᠯᠲᠠᠯ᠎ᠠ᠂ ︽ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ︾ — ︽ᠲᠤᠰᠬᠠᠶ ᠵᠦᠢᠯ ᠤᠨ ᠲᠤᠬᠠᠶᠢᠯᠠᠭᠰᠠᠨ ᠠᠵᠢᠯ ᠤᠨ ᠬᠡᠰᠡᠭ︾ ᠢ PDF ᠶᠢᠨ ᠬᠡᠯᠪᠡᠷᠢ ᠪᠠᠷ ᠳᠡᠭᠡᠭᠰᠢ ᠳᠠᠮᠵᠢᠭᠤᠯᠬᠤ ᠮᠠᠲ᠋ᠧᠷᠢᠶᠠᠯ ᠳᠤ ᠣᠷᠣᠭᠤᠯᠵᠤ᠂ ᠣᠯᠠᠨ ᠵᠦᠢᠯ ᠤᠨ ᠠᠭᠤᠯᠭ᠎ᠠ ᠶᠢ ᠨᠢᠭᠡ PDF ᠪᠢᠴᠢᠭ ᠮᠠᠲ᠋ᠧᠷᠢᠶᠠᠯ ᠪᠣᠯᠭᠠᠨ ᠳᠡᠭᠡᠭᠰᠢ ᠳᠠᠮᠵᠢᠭᠤᠯᠬᠤ ᠴᠢᠬᠤᠯᠠᠲᠠᠶ᠃        ᠲᠠᠪᠤ᠂ ᠲᠣᠬᠢᠷᠠᠭᠤᠯᠤᠨ ᠬᠦᠷᠭᠡᠬᠦ ᠬᠠᠷᠢᠴᠠᠭ᠎ᠠ ᠶᠢ ᠪᠠᠶᠢᠭᠤᠯᠬᠤ ᠪᠠ ᠲᠣᠬᠢᠷᠠᠭᠤᠯᠬᠤ      ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠤᠪᠢᠷᠠᠭᠤᠯᠵᠤ᠂ ᠰᠢᠨ᠎ᠡ ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠣᠷᠣᠨ ᠪᠦᠰᠡ ᠪᠤᠶᠤ ᠰᠢᠨ᠎ᠡ ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠤᠨ ᠵᠥᠪᠳᠡᠯᠴᠡᠬᠡᠷ ᠲᠤ ᠭᠠᠷ ᠤᠨ ᠥᠰᠥᠭ ᠵᠢᠷᠤᠬᠤ ᠠᠴᠠ ᠡᠮᠦᠨ᠎ᠡ ᠱᠠᠭᠠᠷᠳᠠᠯᠭ᠎ᠠ ᠶᠣᠰᠣᠭᠠᠷ ᠭᠦᠢᠴᠡᠳᠭᠡᠬᠦ ᠮᠠᠲ᠋ᠧᠷᠢᠶᠠᠯ ᠢᠶᠠᠨ ᠴᠠᠭ ᠲᠤᠬᠠᠶ ᠳᠤᠨᠢ ᠲᠤᠰᠢᠶᠠᠬᠤ ᠬᠡᠷᠡᠭᠲᠡᠶ ︵ᠳᠠᠭᠠᠯᠳᠤᠭᠤᠯᠤᠯ 7 ᠶᠢ ᠦᠵᠡ︶᠃      ᠵᠢᠷᠭᠤᠭ᠎ᠠ᠂ ᠡᠯᠧᠺᠲᠷᠣᠨ ᠤ ᠬᠡᠯᠡᠯᠴᠡᠭᠡᠷ ᠲᠣᠭᠲᠠᠭᠠᠬᠤ    ᠡᠯ᠎ᠡ ᠨᠢᠭᠡᠴᠡ 2021 ᠣᠨ ᠤ 11ᠳ᠋ᠤᠭᠡᠷ ᠰᠠᠷ᠎ᠠ ᠶᠢᠨ 18 ᠤ ᠡᠳᠦᠷ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠶᠢᠨ ︽ᠡᠮ ᠲᠠᠩ ᠤᠨ ᠠᠷᠠᠯᠵᠢᠶᠠᠨ ᠤ ᠰᠢᠰᠲ᠋ᠧᠮ︾ ᠳᠤ ᠣᠷᠣᠵᠤ ᠵᠥᠪᠯᠡᠯᠴᠡᠭᠡᠷ ᠲᠣᠭᠲᠠᠬᠤ ᠠᠵᠢᠯ ᠢ ᠦᠷᠨᠢᠭᠦᠯᠦᠨ᠎ᠡ᠃      ᠲᠤᠯᠤᠭ᠎ᠠ᠂ ᠭᠡᠷ᠎ᠡ ᠶᠢ ᠦᠷᠭᠦᠯᠵᠢᠯᠡᠨ ᠭᠦᠢᠴᠡᠳᠬᠡᠬᠦ ᠬᠤᠭᠤᠴᠠᠭ᠎ᠠ      ᠬᠤᠶᠠᠳᠤᠭᠠᠷ ᠣᠨ ᠤ ᠬᠤᠳᠠᠯᠳᠤᠨ ᠠᠪᠬᠤ ᠵᠥᠪᠯᠡᠯᠴᠡᠭᠡᠷ ᠢ ᠬᠡᠷᠡᠭᠵᠢᠭᠦᠯᠬᠦ ᠴᠠᠭ ᠨᠢ 2021 ᠣᠨ ᠤ 11 ᠳ᠋ᠤᠭᠡᠷ ᠰᠠᠷ᠎ᠠ ᠶᠢᠨ 18 ᠤ ᠡᠳᠦᠷ ᠠᠴᠠ 2022 ᠣᠨ ᠤ 12  ᠳ᠋ᠤᠭᠠᠷ ᠰᠠᠷ᠎ᠠ ᠶᠢᠨ 31 ᠤ ᠡᠳᠦᠷ ᠪᠣᠯᠤᠨ᠎ᠠ᠃      ᠨᠠᠢᠮᠠ᠂ ᠪᠤᠰᠤᠳ ᠵᠦᠢᠯ      ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠤᠭᠤᠳ ᠡᠮᠴᠢᠯᠡᠭᠡᠨ ᠤ ᠪᠠᠶᠢᠭᠤᠯᠤᠮᠵᠢ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠬᠠᠮᠢᠶ᠎ᠠ ᠪᠥᠬᠦᠶ ᠰᠤᠩᠭᠤᠭᠳᠠᠭᠰᠠᠨ ᠡᠮ ᠲᠠᠩ ᠤᠨ ᠬᠤᠶᠠᠳᠤᠭᠠᠷ ᠣᠨ ᠤ ᠬᠤᠳᠠᠯᠳᠤᠨ ᠠᠪᠬᠤ ᠠᠵᠢᠯ ᠢ ᠥᠷᠨᠢᠭᠦᠯᠵᠦ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠠᠮᠢᠶᠠᠷᠤᠯᠲᠠ ᠪᠠ ᠵᠥᠪᠯᠡᠯᠴᠡᠭᠡᠷ ᠲᠣᠭᠲᠠᠬᠤ ᠠᠵᠢᠯ ᠢ ᠴᠢᠩᠭᠠᠳᠬᠠᠬᠤ ᠬᠡᠷᠡᠭᠲᠡᠶ᠃      ᠶᠢᠰᠦ᠂ ᠬᠠᠷᠢᠯᠴᠠᠬᠤ ᠠᠷᠭ᠎ᠠ ᠬᠡᠯᠪᠡᠷᠢ      ᠲᠤᠬᠠᠶᠢᠯᠠᠭᠰᠠᠨ ᠠᠵᠢᠯ ᠤᠨ ᠯᠠᠪᠯᠠᠭ᠎ᠠ᠄ ᠯᠢ ᠪᠠᠭᠰᠢ 4966290      ᠮᠡᠷᠭᠡᠵᠢᠯ ᠤᠨ ᠳᠡᠮᠵᠢᠯᠭᠡ᠄ ᠵᠠᠩ ᠪᠠᠭᠰᠢ 4967106          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ      2021 ᠣᠨ ᠤ 11 ᠳ᠋ᠤᠭᠡᠷ ᠰᠠᠷ᠎ᠠ ᠶᠢᠨ 15 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号