ᠡᠮᠴᠢᠯᠡᠭᠡᠨ ᠳᠤ ᠬᠡᠷᠡᠭᠯᠡᠬᠦ ᠬᠡᠰᠡᠭ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠨᠤᠲᠠᠯᠠᠯᠲᠠ ᠶᠢᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/11/2
      ᠥᠪᠥᠷ ᠡᠮ ᠬᠤᠳᠠᠯᠳᠤᠨ ᠠᠪᠬᠤ ᠲᠥᠪ ᠦᠰᠦᠭ ﹇2021﹈ 223 ᠳ᠋ᠤᠭᠠᠷ ᠲᠣᠭᠠᠲᠤ ᠡᠯ᠎ᠡ ᠬᠠᠮᠢᠶ᠎ᠠ ᠪᠥᠬᠦᠶ ᠨᠢᠭᠡᠴᠡ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ  ᠰᠦᠯᠵᠢᠶᠡᠨ ᠳᠤ ᠬᠤᠯᠪᠤᠬᠤ ᠠᠵᠢᠯ ᠤᠨ ᠨᠥᠬᠦᠪᠥᠷᠢ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ  ﹇2021﹈ 120 ᠳ᠋ᠤᠭᠠᠷ ᠲᠣᠭᠠᠲᠤ︶ ᠤᠨ ᠶᠣᠰᠣᠭᠠᠷ᠂ ᠡᠳᠦᠭᠡ ᠬᠡᠰᠡᠭ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠨᠤᠲᠠᠯᠠᠯᠲᠠ ᠶᠢᠨ ᠦᠷ᠎ᠡ ᠳ᠋ᠦᠩ ᠢ ᠢᠯᠡ ᠨᠡᠶᠢᠳᠡᠯᠡᠶ᠎ᠡ᠃      ᠨᠢᠭᠡ᠂ ᠢᠯᠡ ᠨᠡᠶᠢᠲᠡᠯᠡᠬᠦ ᠠᠭᠤᠯᠭ᠎ᠠ      ᠠᠵᠤ ᠠᠬᠤᠶᠢᠯᠠᠯ ᠥᠪᠥᠷ ᠮᠣᠩᠭᠤᠯ ᠤᠨ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶᠡᠨ ᠤ ᠪᠠᠯᠠ ᠮᠥᠩᠭᠦ ᠶᠢ ᠬᠢᠨᠠᠬᠤ ᠰᠢᠰᠲ᠋ᠧᠮ ᠳᠤ ᠣᠷᠣᠵᠤ ᠮᠡᠳᠡᠭᠡ ᠵᠠᠩᠭᠢ ᠶᠢ ᠪᠠᠶᠢᠴᠠᠭᠠᠨ ᠦᠵᠡᠭᠡᠷᠡᠢ᠃      ᠬᠤᠶᠠᠷ᠂ ᠢᠯᠡ ᠨᠡᠶᠢᠲᠡᠯᠡᠬᠦ ᠴᠠᠭ      2021 ᠣᠨ ᠤ 11 ᠳ᠋ᠤᠭᠡᠷ ᠰᠠᠷ᠎ᠠ ᠶᠢᠨ 2 — 11 ᠳ᠋ᠤᠭᠡᠷ ᠰᠠᠷ᠎ᠠ ᠶᠢᠨ 8 ᠤ ᠡᠳᠦᠷ ᠪᠤᠯᠳᠠᠯ᠎ᠠ᠃      ᠭᠤᠷᠪᠠ᠂ ᠪᠤᠰᠤᠳ ᠵᠦᠢᠯ      ︵ᠨᠢᠭᠡ︶ ᠡᠯ᠎ᠡ ᠬᠤᠯᠪᠣᠭᠳᠠᠯ ᠪᠥᠬᠦᠢ ᠠᠵᠤ ᠠᠬᠤᠶᠢᠯᠠᠯ ᠬᠡᠷᠪᠡ ᠵᠠᠷᠯᠠᠨ ᠨᠡᠶᠢᠲᠡᠯᠡᠭᠰᠡᠨ ᠦᠢᠯᠡᠳᠬᠦᠨ ᠤ ᠦᠨ᠎ᠡ ᠬᠠᠩᠰᠢ ᠶᠢᠨ ᠲᠤᠬᠠᠶ ᠣᠨᠳᠣᠣ ᠰᠠᠨᠠᠯ ᠲᠠᠢ ᠪᠠᠶᠢᠪᠠᠯ᠂ ︽ᠬᠡᠨ ᠵᠣᠷᠢᠪᠠᠯ ᠲᠡᠷᠡ ᠭᠡᠷᠡᠴᠢ ᠳᠤᠷᠠᠳᠬᠤ︾ ᠵᠠᠷᠴᠢᠮ ᠶᠣᠰᠣᠭᠠᠷ᠂ ᠦᠨᠡᠨ ᠪᠣᠳᠠᠲᠠᠶ ᠪᠥᠭᠡᠳ ᠬᠦᠴᠦᠨ ᠲᠠᠢ᠂ ᠪᠦᠷᠢᠨ ᠭᠦᠢᠴᠡᠳ ᠭᠡᠷᠡᠴᠢᠯᠡᠬᠦ ᠮᠠᠲ᠋ᠧᠷᠢᠶᠠᠯ ᠬᠠᠩᠭᠠᠭᠠᠷᠠᠢ᠂ ᠬᠤᠭᠤᠴᠠᠭ᠎ᠠ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠲᠤᠰᠢᠶᠠᠭᠰᠠᠨ ᠥᠭᠡᠢ ᠪᠣᠯ ᠬᠥᠯᠢᠶᠡᠨ ᠠᠪᠴᠤ ᠰᠢᠢᠳᠪᠦᠷᠢᠯᠡᠬᠦ ᠥᠭᠡᠢ᠃      ︵ᠬᠤᠶᠠᠷ︶ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ︵ᠵᠠᠭᠠᠯᠳᠤᠯᠭ᠎ᠠ︶ ᠮᠠᠲ᠋ᠧᠷᠢᠶᠠᠯ ᠳᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾ ︵ᠳᠠᠭᠠᠯᠳᠤᠭᠤᠯᠤᠯ 2︶᠂ ︽ᠬᠠᠤᠯᠢ ᠶᠢᠨ ᠡᠷᠬᠡᠳᠡᠨ ᠤ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ︾ ︵ᠳᠠᠭᠠᠯᠳᠤᠭᠤᠯᠤᠯ 3︶᠂ ︽ᠪᠠᠶᠢᠳᠠᠯ ᠤᠨ ᠲᠣᠳᠣᠷᠬᠠᠶᠢᠯᠠᠯᠲᠠ︾ ᠪᠣᠯᠤᠨ ᠬᠠᠮᠢᠶ᠎ᠠ ᠪᠥᠬᠦᠶ ᠲᠣᠳᠣᠷᠬᠠᠶ ᠪᠥᠭᠡᠳ ᠬᠦᠴᠦᠨ ᠲᠠᠢ ᠭᠡᠷᠡᠴᠢᠯᠡᠬᠦ ᠮᠠᠲ᠋ᠧᠷᠢᠶᠠᠯ ᠪᠠᠭᠲᠠᠨ᠎ᠠ᠃      ︵ᠭᠤᠷᠪᠠ︶ ᠲᠤᠰᠢᠶᠠᠨ ᠥᠭᠬᠦ ᠠᠷᠭ᠎ᠠ ᠮᠠᠶ᠋ᠢᠭ᠄ ᠡᠯ᠎ᠡ ᠠᠵᠤ ᠠᠬᠤᠶᠢᠯᠠᠯ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠪᠠᠷ ᠭᠤᠶᠤᠴᠢᠯᠠᠬᠤ ︵ᠵᠠᠭᠠᠯᠳᠤᠬᠤ︶ ᠲᠤᠬᠠᠶᠢᠯᠠᠭᠰᠠᠨ ᠠᠵᠢᠯ ᠤᠨ ᠲᠤᠬᠠᠶ ᠶᠢᠨ ᠲᠠᠯᠠᠪᠠᠶ ᠳᠤ ᠲᠤᠰᠢᠶᠠᠬᠤ ᠮᠠᠲ᠋ᠧᠷᠢᠶᠠᠯ ᠤᠨ ᠲᠥᠷᠥᠯ ᠵᠦᠢᠯ ᠵᠢᠴᠢ ᠲᠣᠳᠣᠷᠬᠠᠶᠢᠯᠠᠯᠲᠠ ︵ᠵᠠᠰᠠᠪᠤᠷᠢ ᠣᠷᠣᠭᠤᠯᠤᠭᠰᠠᠨ ᠬᠡᠪᠯᠡᠯ︶︾ ᠶᠢᠨ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ︵http://ylbzj.nmg.gov.cn/yycgw/ycw_bsdt/bllc/ ︶ ᠪᠡᠯᠡᠳᠭᠡᠵᠦ᠂ ᠭᠥᠯᠢᠶᠡᠨ ᠠᠪᠴᠤ ᠰᠢᠢᠳᠪᠦᠷᠢᠯᠡᠬᠦ ᠵᠢᠴᠢ ᠲᠤᠰᠢᠶᠠᠬᠤ ᠠᠷᠭ᠎ᠠ ᠮᠠᠶ᠋ᠢᠭ ᠢ ︽ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇2021 ﹈  161 ᠳ᠋ᠤᠭᠡᠷ ᠲᠣᠭᠠᠲᠤ︶ ᠤᠨ ᠶᠣᠰᠣᠭᠠᠷ ᠠᠵᠢᠯᠯᠠᠭᠤᠯᠤᠨ᠎ᠠ᠃ Http://ylbzj.nmg.gov.cn/yycgw/ycw_tzgg/ycw_qb/202108/t20210817_1806570.html      ︵ᠳᠥᠷᠪᠡ︶ ᠢᠯᠡ ᠨᠡᠶᠢᠲᠡᠯᠡᠬᠦ ᠬᠤᠭᠤᠴᠠᠭᠠᠨ ᠳᠤ ᠭᠥᠯᠢᠶᠡᠨ ᠠᠪᠤᠭᠰᠠᠨ ᠭᠤᠶᠤᠴᠢᠯᠠᠯ ︵ᠵᠠᠭᠠᠯᠳᠤᠯᠭ᠎ᠠ︶ ᠢ ᠲᠥᠪᠯᠡᠷᠡᠭᠦᠯᠦᠨ ᠰᠢᠢᠳᠪᠦᠷᠢᠯᠡᠵᠦ᠂ ᠲᠤᠬᠠᠶ ᠶᠢᠨ ᠴᠠᠭ ᠲᠤ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠪᠠᠷ ᠳᠡᠮᠵᠢᠨ ᠦᠷ᠎ᠡ ᠳ᠋ᠦᠩ ᠢ ᠨᠢᠭᠡᠳᠦᠯᠲᠡᠶ ᠨᠡᠶᠢᠲᠡᠯᠡᠨ᠎ᠡ᠃ ᠢᠯᠡ ᠨᠡᠶᠢᠲᠡᠯᠡᠬᠦ ᠳᠤ ᠣᠨᠳᠣᠤ ᠰᠠᠨᠠᠯ ᠥᠬᠡᠶ ᠦᠢᠯᠡᠳᠭᠦᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠭᠦᠨ ᠤ ᠠᠷᠠᠯᠵᠢᠶ᠎ᠠ ᠶᠢᠨ ᠬᠥᠮᠥᠷᠭᠡ ᠳᠤ ᠣᠷᠣᠭᠤᠯᠤᠨ᠎ᠠ᠃      ᠳᠥᠷᠪᠡ᠂ ᠬᠠᠷᠢᠯᠴᠠᠬᠤ ᠠᠷᠭ᠎ᠠ ᠮᠠᠶ᠋ᠢᠭ      0471 — 4919735 ︵ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ︶᠂      0471 — 4930595 ︵ᠲᠤᠬᠠᠶᠢᠯᠠᠭᠰᠠᠨ ᠠᠵᠢᠯ ᠤᠨ ᠯᠠᠪᠯᠠᠯᠭ᠎ᠠ︶      ᠳᠠᠭᠠᠯᠳᠤᠭᠤᠯᠤᠯ᠄      1᠂ ᠬᠦᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ      2᠂ ᠡᠷᠬᠡ ᠣᠯᠭᠤᠬᠤ ᠪᠢᠴᠢᠭ      3᠂ ᠪᠠᠶᠢᠳᠠᠯ ᠤᠨ ᠲᠣᠳᠣᠷᠬᠠᠶᠢᠯᠠᠯᠲᠠ          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2020 ᠣᠨ ᠤ 11  ᠳ᠋ᠤᠭᠡᠷ ᠰᠠᠷ᠎ᠠ ᠶᠢᠨ 2 ᠤᠨ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号