ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ ᠬᠢᠵᠢᠭ ᠲᠠᠢ ᠲᠡᠮᠡᠴᠡᠬᠦ ᠠᠵᠢᠯᠯᠠᠭ᠎ᠠ ᠥᠷᠨᠢᠭᠦᠯᠵᠦ ᠪᠤᠢ
ᠨᠡᠶᠢᠲᠡᠯᠡᠭᠰᠡᠨ ᠴᠠᠭ᠄
2021/11/2
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠬᠦ ᠪᠠᠶᠢᠯᠳᠤᠭᠠᠨ᠂ ᠬᠤᠷᠢᠭᠯᠠᠨ ᠴᠣᠬᠢᠬᠤ ᠪᠠᠶᠢᠯᠳᠤᠭᠠᠨ ᠳᠤ ᠡᠷᠡᠰ ᠢᠯᠠᠯᠲᠠ ᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠰᠢ ᠶᠢᠨ ᠫᠢᠩ ᠶᠡᠷᠦᠩᠬᠡᠶ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠪᠥᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾  ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠡᠮᠴᠢᠯᠡᠭᠡᠨ ᠤ ᠪᠠᠳᠤᠯᠠᠭ᠎ᠠ ᠶᠢᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠢ ᠪᠥᠬᠦ ᠲᠠᠯ᠎ᠠ ᠪᠠᠷ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ ᠲᠤ ᠪᠠᠭᠤᠯᠭᠠᠵᠤ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ ᠨᠠᠮ ᠤᠨ ᠲᠤᠭ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠥᠨᠳᠥᠷ ᠨᠠᠮᠢᠷᠠᠭᠤᠯᠵᠦ ᠪᠠᠶᠢᠨ᠎ᠠ᠃
     ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ︽ᠴᠤᠭᠯᠠᠷᠠᠯ ᠤᠨ ᠪᠦᠷᠢᠶ᠎ᠡ︾ ᠶᠢ ᠬᠠᠩᠭᠢᠨᠠᠭᠤᠯᠪᠠ᠃ 10 ᠳ᠋ᠤᠭᠠᠷ ᠰᠠᠷ᠎ᠠ ᠶᠢᠨ 23 ᠤ ᠡᠳᠦᠷ᠂ ᠪᠥᠬᠦ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠰᠠᠨ ᠤ ᠳᠠᠷᠠᠭ᠎ᠠ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠠᠨᠠᠭᠠᠴᠢᠯᠠᠭ᠎ᠠ ᠠᠴᠠ ᠪᠠᠨ ᠬᠦᠷᠴᠦ᠂ ᠦᠳᠲᠡᠷ ᠲᠦᠷᠭᠡᠨ ᠬᠥᠳᠡᠯᠦᠯᠴᠡᠨ᠂ ᠬᠠᠮᠤᠭ ᠤᠨ ᠲᠡᠷᠢᠭᠦᠨ ᠳᠤ ᠬᠤᠷᠠᠯ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃ ᠨᠢᠭᠡ ᠳᠤ᠂ 2020 ᠣᠨ ᠤ ︽ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠡᠮᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︽ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠤᠨ ᠬᠢᠵᠢᠭ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠨᠠᠶᠢᠳᠠᠪᠦᠷᠢᠵᠢᠭᠤᠯᠵᠦ ᠂ ᠣᠨᠣᠰᠢᠯᠠᠭᠰᠠᠨ᠂ ᠰᠡᠵᠢᠭᠯᠡᠯᠲᠡᠶ ᠡᠪᠡᠳᠴᠢᠲᠡᠨ ᠪᠠ ᠠᠨᠠᠭᠠᠬᠤ ᠤᠬᠠᠭᠠᠨ ᠤ ᠠᠵᠢᠭᠯᠠᠭᠴᠢ ᠶᠢᠨ ᠵᠠᠷᠤᠳᠠᠯ᠂ ᠭᠠᠷᠴᠠᠭ ᠤᠨ ᠬᠢᠵᠠᠭᠠᠷᠯᠠᠯ ᠵᠡᠷᠭᠡ ᠠᠰᠠᠭᠤᠳᠠᠯ ᠠᠴᠠ ᠪᠣᠯᠵᠣ ᠴᠠᠭ ᠲᠤᠬᠠᠶ ᠳᠤᠨᠢ ᠡᠮᠨᠡᠨ ᠠᠪᠤᠷᠬᠠᠤ ᠥᠬᠡᠶ ᠶᠠᠪᠤᠳᠠᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠭᠥᠯᠢᠶᠡᠨ ᠠᠪᠴᠤ ᠡᠮᠨᠡᠨ ᠵᠠᠰᠠᠬᠤ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠣᠭᠤᠰ ᠥᠭᠬᠦ ᠲᠥᠷᠥ ᠶᠢᠨ ᠪᠣᠳᠣᠯᠭ᠎ᠠ ᠠᠴᠠ ᠪᠣᠯᠵᠣ ᠡᠮᠨᠡᠨ ᠠᠪᠤᠷᠠᠬᠤ ᠶᠢ ᠨᠥᠯᠥᠭᠡᠯᠡᠬᠦ ᠥᠬᠡᠶ ᠪᠠᠶᠢᠬᠤ ᠶᠢ ᠦᠨᠡᠨᠬᠦ ᠪᠠᠳᠤᠯᠠᠪᠠ᠃ ᠬᠤᠶᠠᠷ ᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠡᠮ ᠲᠠᠩ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠣᠨᠣᠰᠢᠯᠠᠯᠲᠠ ᠶᠢᠨ ᠲᠤᠷᠰᠢᠯᠲᠠ ᠶᠢᠨ ᠡᠮ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠠᠳᠬᠤᠵᠤ᠂ ᠪᠠᠴᠢᠮ ᠮᠡᠳᠡᠭᠳᠡᠯ ᠳᠠᠷᠤᠮᠠᠯᠯᠠᠨ ᠲᠠᠷᠬᠠᠭᠠᠵᠤ᠂ ᠬᠤᠳᠠᠯᠳᠤᠨ ᠠᠪᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ︽ᠪᠠᠴᠢᠮ ᠪᠠᠶᠢᠳᠠᠯ ᠢ ᠠᠷᠭᠠᠴᠠᠬᠤ︾ ᠶᠢ ᠦᠨᠡᠨ ᠬᠦ ᠪᠠᠳᠤᠯᠠᠪᠠ ︔ ᠳᠣᠭᠢᠷᠠᠭᠤᠯᠤᠨ ᠬᠦᠷᠭᠡᠬᠦ ᠬᠠᠮᠢᠶᠠᠷᠤᠯᠲᠠ ᠶᠢ ᠰᠢᠯᠢᠳᠡᠭᠵᠢᠭᠦᠯᠵᠦ᠂ ᠡᠮ ᠲᠠᠩ ᠬᠤᠷᠣᠭᠳᠠᠯ ᠮᠠᠲ᠋ᠧᠷᠢᠶᠠᠯ ᠢ ︽ᠴᠠᠭ ᠲᠤᠬᠠᠶ ᠳᠤᠨᠢ ᠳᠣᠭᠢᠷᠠᠭᠤᠯᠬᠤ︾ ᠶᠢ ᠦᠨᠡᠨᠬᠦ ᠪᠠᠳᠤᠯᠠᠪᠠ︔ ᠮᠥᠷᠳᠡᠨ ᠬᠢᠨᠠᠨ ᠬᠡᠮᠵᠢᠬᠦ ᠶᠢ ᠴᠢᠩᠭᠠᠷᠠᠭᠤᠯᠵᠤ᠂ ᠡᠮ ᠲᠠᠩ ᠬᠤᠷᠣᠭᠳᠠᠯ ᠮᠠᠲ᠋ᠧᠷᠢᠶᠠᠯ ᠢ ︽ᠭᠦᠢᠴᠡᠳ ᠬᠠᠩᠭᠠᠬᠤ︾ ᠶᠢ ᠦᠨᠡᠨᠬᠦ ᠪᠠᠳᠤᠯᠠᠪᠠ᠃ ᠭᠤᠷᠪᠠ ᠳᠤ᠂ ᠡᠮᠴᠢᠯᠡᠭᠡᠨ ᠤ ᠪᠠᠶᠢᠭᠤᠯᠤᠮᠵᠢ ᠶᠢᠨ ᠪᠠᠯᠠ ᠮᠥᠩᠭᠦ ᠶᠢᠨ ᠳᠠᠷᠤᠯᠲᠠ ᠶᠢ ᠬᠥᠩᠭᠡᠷᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠴᠠᠭ ᠲᠤᠬᠠᠶ ᠳᠤᠨᠢ ᠠᠪᠤᠷᠠᠨ ᠵᠠᠰᠠᠬᠤ ᠶᠢ ᠳᠡᠮᠵᠢᠨ᠎ᠡ᠃ ︽ᠤᠷᠢᠳᠠᠪᠠᠷ ᠤᠷᠢᠳᠴᠢᠯᠠᠨ ᠰᠠᠯᠭᠠᠨ ᠥᠭᠴᠦ ᠳᠠᠷᠠᠭ᠎ᠠ ᠨᠢ ᠢᠯᠭᠠᠷᠠᠭᠤᠯᠤᠨ ᠪᠤᠳᠤᠬᠤ︾ ᠵᠠᠷᠴᠢᠮ ᠶᠣᠰᠣᠭᠠᠷ᠂ ᠣᠲᠣ ᠪᠣᠯᠲᠠᠯ᠎ᠠ᠂ ᠪᠥᠬᠦ ᠣᠷᠣᠨ ᠤ ᠡᠯ᠎ᠡ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠳ ᠲᠥᠪᠯᠡᠷᠡᠭᠦᠯᠦᠨ ᠠᠪᠤᠷᠠᠨ ᠵᠠᠰᠠᠬᠤ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠲᠤᠰᠬᠠᠶ ᠠᠪᠤᠷᠠᠨ ᠵᠠᠰᠠᠬᠤ ᠪᠠᠯᠠ ᠮᠥᠩᠭᠦ ᠶᠢ ᠨᠡᠶᠢᠲᠡ 6003 ᠲᠦᠮᠡᠨ ᠲᠥᠭᠦᠷᠢᠭ ᠤᠷᠢᠳᠴᠢᠯᠠᠨ ᠰᠠᠯᠭᠠᠨ ᠥᠭᠴᠦ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳᠥᠷᠪᠡᠳᠦᠭᠡᠷ ᠡᠮᠨᠡᠯᠭᠡ ᠶᠢᠨ ᠬᠤᠷᠢᠶ᠎ᠠ ᠳᠤ 1200 ᠲᠦᠮᠡᠨ ᠲᠥᠭᠦᠷᠢᠭ ᠤᠷᠢᠳᠴᠢᠯᠠᠨ ᠰᠠᠯᠭᠠᠨ ᠥᠭᠴᠦ᠂ ᠠᠯᠠᠱᠠ ᠠᠶᠢᠮᠠᠭ ᠲᠤ 1000 ᠲᠦᠮᠡᠨ ᠲᠥᠭᠦᠷᠢᠭ ᠤᠷᠢᠳᠴᠢᠯᠠᠨ ᠰᠠᠯᠭᠠᠨ ᠥᠭᠴᠦ ︵ᠡᠵᠡᠨ᠎ᠡ ᠬᠤᠰᠢᠭᠤ 500 ᠲᠦᠮᠡᠨ ᠲᠥᠭᠦᠷᠢᠭ︶᠂ ᠡᠷᠢᠶᠡᠨ ᠬᠤᠲᠠ ᠳᠤ 330 ᠲᠦᠮᠡᠨ ᠲᠥᠭᠦᠷᠢᠭ ᠤᠷᠢᠳᠴᠢᠯᠠᠨ ᠰᠠᠯᠭᠠᠨ ᠥᠭᠴᠡᠶ᠃ ᠳᠥᠷᠪᠡ ᠳᠤ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠰᠠᠭᠠᠳ ᠥᠬᠡᠶ ᠵᠠᠮ ᠢ ᠨᠡᠪᠳᠡᠷᠡᠭᠦᠯᠵᠦ᠂ ᠣᠨᠣᠰᠢᠯᠠᠭᠰᠠᠨ ᠪᠠ ᠰᠡᠵᠢᠭᠯᠡᠯᠲᠡᠶ ᠡᠪᠡᠳᠴᠢᠲᠡᠨ ᠤ ᠬᠡᠷᠡᠭᠯᠡᠭᠰᠡᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ ᠲᠥᠰᠦᠯ ᠳᠤ ᠨᠡᠶᠢᠴᠡᠭᠰᠡᠨ ᠡᠮ ᠲᠠᠩ ᠪᠠ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠵᠢᠴᠢ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠣᠭᠢᠷᠠᠭᠤᠯᠤᠨ ᠬᠡᠷᠡᠭᠯᠡᠬᠦ ᠶᠢ ᠵᠥᠪᠰᠢᠶᠡᠷᠡᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠬᠤ ᠳᠤ ᠬᠡᠷᠡᠭᠯᠡᠬᠦ ᠬᠡᠰᠡᠭ ᠬᠢᠲᠠᠳ ︵ᠮᠣᠩᠭᠤᠯ︶ ᠡᠮ ᠤᠨ ᠨᠠᠶᠢᠷᠠᠯᠲᠠ ᠶᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠴᠠᠭ ᠲᠤᠬᠠᠶ ᠳᠤᠨᠢ ᠳ᠋ᠦᠩᠨᠡᠨ ᠪᠤᠳᠤᠬᠤ ᠶᠢ ᠦᠨᠡᠨᠬᠦ ᠪᠠᠳᠤᠯᠠᠪᠠ᠃ ᠣᠨᠣᠰᠢᠯᠠᠭᠰᠠᠨ ᠪᠠ ᠰᠡᠵᠢᠭ ᠲᠠᠢ ᠣᠷᠣᠨ ᠤ ᠳᠣᠲᠣᠷᠠᠬᠢ ᠣᠨᠳᠣᠤ ᠭᠠᠵᠠᠷ ᠲᠤ ᠡᠮᠨᠡᠭᠦᠯᠦᠭᠰᠡᠨ ᠡᠪᠡᠳᠴᠢᠲᠡᠨ ᠳᠤ᠂ ᠣᠷᠣᠨ ᠤ ᠳᠣᠲᠣᠷᠠᠬᠢ ᠣᠨᠳᠣᠤ ᠭᠠᠵᠠᠷ ᠥᠬᠡᠶ ᠲᠥᠷᠥ ᠶᠢᠨ ᠪᠣᠳᠣᠯᠭ᠎ᠠ ᠶᠢᠨ ᠶᠣᠰᠣᠭᠠᠷ ᠰᠢᠭᠤᠳ ᠳ᠋ᠦᠩᠨᠡᠨ ᠪᠤᠳᠤᠨ᠎ᠠ᠃
     ᠡᠵᠢᠨ᠎ᠡ ᠬᠤᠰᠢᠭᠤᠨ ᠤ ᠦᠯᠡᠳᠡᠵᠦ ᠬᠤᠴᠣᠷᠤᠭᠰᠠᠨ ᠬᠥᠮᠦᠰ ᠤᠨ ᠪᠠᠴᠢᠮ ᠬᠡᠷᠡᠭᠰᠡᠬᠦ ᠡᠮ ᠬᠡᠷᠡᠭᠯᠡᠬᠦ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢᠨ ᠲᠥᠯᠥᠭᠡ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨ ᠢ 10 ᠳ᠋ᠤᠭᠠᠷ ᠰᠠᠷ᠎ᠠ ᠶᠢᠨ 27 ᠤ ᠡᠳᠦᠷ ᠪᠠᠴᠢᠮ ᠬᠤᠷᠠᠯ ᠬᠤᠷᠠᠯᠳᠤᠭᠤᠯᠵᠤ᠂ ᠲᠤᠮᠤ ᠬᠡᠯᠪᠡᠷᠢ ᠶᠢᠨ ᠡᠮ ᠡᠮᠨᠡᠯᠭᠡ ᠶᠢᠨ ᠠᠵᠤ ᠠᠬᠤᠶᠢᠯᠠᠯ ᠯᠤᠭ᠎ᠠ ᠬᠡᠷᠡᠭᠰᠡᠬᠦ ᠡᠮ ᠤᠨ ᠵᠦᠢᠯᠡᠰ ᠢ ᠲᠦᠷᠭᠡᠨ ᠲᠤᠬᠢᠷᠠᠭᠤᠯᠤᠨ ᠬᠦᠷᠭᠡᠬᠦ ᠶᠢ ᠵᠣᠬᠢᠴᠠᠭᠤᠯᠵᠤ᠂ ᠦᠯᠡᠳᠡᠵᠦ ᠬᠤᠴᠣᠷᠤᠭᠰᠠᠨ ᠬᠥᠮᠦᠰ ᠤᠨ ᠡᠮ ᠬᠡᠷᠡᠭᠯᠡᠬᠦ ᠬᠡᠷᠡᠭᠴᠡᠭᠡ ᠶᠢ ᠬᠠᠩᠭᠠᠬᠤ ᠶᠢ ᠪᠠᠳᠤᠯᠠᠪᠠ᠃
     ᠨᠡᠶᠢᠭᠡᠮ ᠲᠣᠭᠤᠷᠢᠭ ᠢ ᠲᠤᠰᠠᠯᠠᠵᠤ᠂ ︽ᠠᠶᠠᠨ ᠲᠠᠶᠢᠨ ᠤ ᠪᠦᠷᠢᠶ᠎ᠡ︾ ᠶᠢ ᠬᠠᠩᠭᠢᠨᠠᠭᠤᠯᠪᠠ᠃ 10 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠭᠤᠤᠯᠳᠠᠯᠭ᠎ᠠ ᠲᠠᠢ ᠣᠷᠣᠨ ᠪᠦᠰᠡ ᠳᠤ ᠬᠤᠶᠠᠳᠤᠭᠠᠷ ᠡᠭᠡᠯᠵᠢ ᠶᠢᠨ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠳᠠ ᠳᠤ ᠮᠠᠨ ᠤ ᠲᠣᠪᠴᠢᠶ᠎ᠠ ᠳᠠᠷᠤᠶ ᠲᠦᠷᠭᠡᠨ 18 ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠼᠠᠢ ᠬᠤᠩ ᠢᠦᠶ᠂ ᠵᠧᠩ ᠵᠣᠣ ᠰᠢᠶᠠᠩ ᠤᠨ ᠳᠠᠭᠠᠭᠤᠯᠤᠭᠰᠠᠨ ᠠᠩᠭᠢ ᠢᠦᠶ ᠴᠢᠤᠸᠠᠨ ᠲᠣᠭᠤᠷᠢᠭ ᠤᠨ ᠰᠢᠩ ᠯᠦᠩ ᠭᠤᠳᠤᠮᠵᠢ ᠶᠢᠨ ᠵᠡᠭᠦᠨ ᠰᠧ ᠯᠢ ᠶᠢᠩ ᠨᠡᠶᠢᠭᠡᠮ ᠲᠣᠭᠤᠷᠢᠭ ᠲᠤ ᠬᠦᠷᠴᠦ ᠨᠡᠷ᠎ᠡ ᠮᠡᠳᠡᠭᠦᠯᠵᠡᠶ᠃ ᠨᠡᠶᠢᠭᠡᠮ ᠲᠣᠭᠤᠷᠢᠭ ᠤᠨ ᠲᠤᠬᠢᠷᠠᠭᠤᠯᠭ᠎ᠠ ᠪᠠᠷ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠭᠡᠰᠢᠭᠦᠳ ᠲᠤᠰ ᠲᠤᠰ ᠬᠤᠤ ᠷᠧᠨ ᠴᠡᠴᠡᠷᠯᠢᠭ᠂ ᠵᠦᠩ ᠬᠤᠢ ᠤᠯᠠᠨ ᠤᠯᠤᠰ ᠤᠨ ᠠᠰᠠᠷ ᠬᠤᠳᠠᠯᠳᠤᠬᠤ ᠭᠠᠵᠠᠷ᠂ ᠰᠠᠨ ᠯᠢ ᠶᠢᠩ ᠳᠥᠷᠪᠡᠳᠦᠭᠡᠷ ᠵᠠᠮ ᠤᠨ ᠺᠦᠨ ᠲᠠᠢ 2 — 3 ᠳ᠋ᠤᠭᠠᠷ ᠨᠣᠮᠧᠷᠲᠤ ᠬᠦᠷᠢᠶᠡᠨ ᠤ ᠡᠰᠡᠷᠭᠦ ᠲᠠᠯ᠎ᠠ᠂ ᠰᠧ ᠯᠢ ᠶᠢᠩ ᠵᠡᠭᠦᠨ ᠨᠡᠶᠢᠭᠡᠮ ᠲᠣᠭᠤᠷᠢᠭ᠂ ᠵᠢᠢ ᠲᠠᠢ ᠡᠮᠦᠨ᠎ᠡ ᠲᠣᠭᠤᠷᠢᠭ ᠤᠨ ᠦ᠋ ᠮᠤᠤ ᠵᠡᠷᠭᠡ 5 ᠪᠥᠭᠡᠮ ᠬᠦᠴᠢᠯ ᠤᠨ ᠪᠠᠶᠢᠴᠠᠭᠠᠯᠲᠠ ᠶᠢᠨ ᠴᠢᠭ ᠲᠤ ᠬᠦᠷᠴᠦ᠂ ᠡᠮᠬᠢ ᠳᠢᠭᠯᠢᠮ ᠢ ᠬᠠᠮᠠᠭᠠᠯᠠᠬᠤ᠂ ᠤᠬᠠᠭᠤᠯᠤᠨ ᠳᠠᠶᠢᠴᠢᠯᠠᠬᠤ᠂ ᠬᠢᠵᠢᠭ ᠢ ᠰᠡᠷᠭᠡᠶᠢᠯᠡᠨ ᠤᠰᠠᠳᠬᠠᠬᠤ ᠵᠡᠷᠭᠡ ᠠᠵᠢᠯ ᠢ ᠬᠠᠮᠵᠢᠨ ᠥᠷᠨᠢᠭᠦᠯᠵᠦ᠂ ᠨᠡᠶᠢᠭᠡᠮ ᠲᠣᠭᠤᠷᠢᠭ ᠤᠨ ᠡᠨᠡᠬᠦ ᠰᠡᠷᠭᠡᠶᠢᠯᠡᠯᠲᠡ ᠶᠢᠨ ᠱᠤᠭᠤᠮ ᠢ ᠦᠨᠡᠨᠬᠦ ᠴᠢᠩᠭ᠎ᠠ ᠰᠠᠬᠢᠪᠠ᠃  ᠮᠠᠨ ᠤ ᠲᠣᠪᠴᠢᠶ᠎ᠠ ᠶᠢᠨ ᠳᠣᠷᠣᠭᠰᠢ ᠪᠠᠭᠤᠭᠰᠠᠨ ᠺᠠᠳ᠋ᠷᠴᠤᠳ ᠬᠤᠯᠪᠤᠭᠠᠯᠠᠨ ᠲᠠᠭᠠᠭᠠᠴᠢᠯᠠᠭᠰᠠᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠳᠤᠲᠠᠭᠳᠠᠵᠤ ᠪᠠᠶᠢᠭ᠎ᠠ ᠪᠣᠳᠠᠲᠠᠶ ᠪᠠᠶᠢᠳᠠᠯ ᠢ ᠤᠶᠢᠯᠠᠭᠠᠭᠰᠠᠨ ᠤ ᠲᠠᠷᠠᠭ᠎ᠠ᠂ ᠬᠠᠮᠠᠭᠠᠯᠠᠯᠲᠠ ᠶᠢᠨ ᠬᠤᠪᠴᠠᠰᠤ᠂ ᠠᠷᠢᠭᠤᠳᠬᠠᠬᠤ ᠰᠢᠩᠭᠡᠨ᠂ ᠠᠮᠠᠪᠴᠢ᠂ ᠲᠥᠬᠦᠮ ᠮᠢᠨᠲ᠋ᠢᠶᠤᠤᠷ᠂ ᠷᠠᠰᠢᠶᠠᠨ ᠤᠰᠤ ᠵᠡᠷᠭᠡ ᠡᠳ᠋ ᠪᠣᠳᠠᠰ ᠬᠦᠷᠭᠡᠵᠦ᠂ ᠪᠠᠶᠢᠴᠠᠭᠠᠨ ᠰᠢᠯᠭᠠᠬᠤ ᠴᠢᠭ ᠤᠨ ᠠᠵᠢᠯᠲᠠᠨ ᠪᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠡᠮᠴᠢᠯᠡᠭᠡ ᠶᠢᠨ ᠪᠠᠳᠤᠯᠠᠭ᠎ᠠ ᠶᠢᠨ ᠬᠠᠶᠢᠷ᠎ᠠ ᠬᠠᠯᠠᠮᠵᠢ ᠪᠠᠨ ᠬᠠᠨᠳᠢᠪᠯᠠᠪᠠ᠃
     ᠨᠠᠮ ᠤᠨ ᠲᠤᠭ ᠢ ᠥᠨᠳᠥᠷ ᠮᠠᠨᠳᠤᠭᠤᠯᠵᠤ᠂ ︽ᠳᠠᠭᠠᠷᠢᠯᠲᠠ ᠶᠢᠨ ᠪᠦᠷᠢᠶ᠎ᠡ︾ ᠶᠢ ᠬᠠᠩᠭᠢᠨᠠᠭᠤᠯᠤᠨ᠎ᠠ᠃ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠥᠷᠯᠥᠭᠡ ᠶᠢᠨ 8 ᠴᠠᠭ ᠠᠴᠠ ᠣᠷᠣᠶ ᠶᠢᠨ 11 ᠴᠠᠭ ᠪᠣᠯᠲᠠᠯ᠎ᠠ ᠶᠠᠪᠤᠭᠳᠠᠪᠠ᠂ ᠲᠣᠪᠴᠢᠶᠠᠨ ᠤ ᠪᠠᠶᠢᠭᠤᠯᠤᠯᠭ᠎ᠠ ᠶᠢᠨ ᠨᠠᠮ ᠤᠨ ᠬᠤᠷᠢᠶᠠᠨ ᠤ ᠳᠡᠳ᠋ ᠱᠦᠵᠢ ᠮᠠ ᠴᠢᠦ ᠷᠦᠩ ᠨᠥᠬᠦᠷ ᠪᠦᠬᠦ ᠲᠠᠯ᠎ᠠ ᠶᠢᠨ ᠠᠵᠢᠯ ᠤᠨ ᠰᠣᠯᠢᠯᠴᠠᠭᠠᠨ ᠤ ᠣᠯᠠᠨ ᠲᠦᠮᠡᠨ ᠤ ᠳᠤᠮᠳᠠ ︽ᠳᠠᠶᠢᠴᠢᠯᠠᠯᠲᠠ ᠶᠢᠨ ᠵᠠᠷᠯᠢᠭ︾ ᠪᠠᠭᠤᠯᠭᠠᠵᠤ᠂ ᠪᠦᠬᠦ ᠨᠠᠮ ᠤᠨ ᠭᠡᠰᠢᠭᠦᠨ᠂ ᠡᠪᠯᠡᠯ ᠤᠨ ᠭᠡᠰᠢᠭᠦᠳ ᠨᠡᠶᠢᠭᠡᠮ ᠲᠣᠭᠤᠷᠢᠭ ᠤᠨ ᠬᠢᠵᠢᠭ ᠢ ᠰᠡᠷᠭᠡᠶᠢᠯᠡᠬᠦ ᠠᠵᠢᠯ ᠳᠤ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠦᠭᠡᠷᠡᠢ ᠭᠡᠵᠦ ᠤᠷᠢᠶᠠᠯᠠᠵᠠᠶ᠂ 5 ᠮᠢᠨᠦ᠋ᠲ ᠪᠣᠯᠤᠯ ᠦᠭᠡᠶ ᠪᠠᠷ 10 ᠭᠠᠷᠤᠶ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠳᠤᠮᠳᠠ ᠢᠳᠡᠪᠬᠢᠲᠡᠶ ᠪᠠᠷ ᠨᠡᠷ᠎ᠡ ᠮᠡᠳᠡᠭᠦᠯᠵᠦ᠂ 10 ᠮᠢᠨᠦ᠋ᠲ ᠤᠨ ᠳᠣᠲᠣᠷ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠬᠥᠮᠦᠨ ᠤ ᠲᠤᠭ᠎ᠠ 40 ᠭᠠᠷᠤᠶ ᠪᠣᠯᠵᠤ ᠨᠡᠮᠡᠭᠳᠡᠵᠡᠶ᠃ ᠪᠠᠶᠢᠭᠤᠯᠭ᠎ᠠ ᠶᠢᠨ ᠨᠠᠮ ᠤᠨ ᠬᠤᠷᠢᠶ᠎ᠠ ᠠᠵᠢᠯ ᠤᠨ ᠱᠠᠭᠠᠷᠳᠠᠯᠭ᠎ᠠ ᠶᠣᠰᠣᠭᠠᠷ᠂ ᠰᠠᠶᠢᠨ ᠳᠤᠷ᠎ᠠ ᠶᠢᠨ ᠦᠢᠯᠡᠴᠢᠯᠡᠭᠡᠨ ᠤ ᠭᠡᠰᠢᠭᠦᠳ ᠢ 5 ᠪᠥᠭᠡᠮ ᠬᠦᠴᠢᠯ ᠤᠨ ᠪᠠᠶᠢᠴᠠᠭᠠᠯᠲᠠ ᠶᠢᠨ ᠴᠢᠭ ᠲᠤ ᠲᠠᠷᠬᠠᠭᠠᠨ ᠡᠭᠡᠯᠵᠢᠯᠡᠨ ᠵᠢᠵᠢᠭᠦᠷᠯᠡᠭᠦᠯᠵᠦ᠂ ᠠᠭᠠᠷ ᠤᠨ ᠳᠤᠯᠠᠭᠠᠨ ᠭᠡᠨᠡᠳᠲᠡ ᠪᠠᠭᠤᠷᠠᠭᠰᠠᠨ ᠰᠥᠨᠢ ᠶᠢᠨ ᠭᠦᠨ ᠳᠤ᠂ ᠤᠯᠠᠨ ᠢᠶᠠᠷ ᠢᠶᠠᠨ ᠴᠡᠷᠢᠭ ᠤᠨ ᠳ᠋ᠠᠴᠠᠩ᠂ ᠮᠠᠶᠢᠬᠠᠨ ᠵᠡᠷᠭᠡ ᠬᠦᠢᠳᠡᠨ ᠠᠴᠠ ᠰᠡᠷᠭᠡᠶᠢᠯᠡᠬᠦ ᠳᠥᠭᠦᠮᠬᠡᠨ ᠡᠳ᠋ ᠪᠣᠳᠠᠰ ᠢᠶᠠᠷ ᠢᠶᠠᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠠᠵᠢᠯ ᠤᠨ ᠬᠡᠪ ᠰᠤᠷᠲᠠᠯ ᠢᠶᠠᠷ ᠢᠶᠠᠨ ᠡᠮᠴᠢᠯᠡᠭᠡ ᠶᠢᠨ ᠪᠠᠳᠤᠯᠠᠭ᠎ᠠ ᠶᠢᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ  ᠡᠷᠡᠭᠦᠯ ᠮᠡᠨᠳᠦ ᠶᠢ ᠬᠠᠮᠠᠭᠠᠯᠠᠪᠠ᠃ 10 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨᠡᠬᠢ 12 ᠴᠠᠭ ᠪᠣᠯᠲᠠᠯ᠎ᠠ᠂ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠶᠢ ᠨᠡᠶᠢᠲᠡ 20 ᠲᠠᠯᠠᠪᠤᠷ ᠤᠳᠠᠭ᠎ᠠ ᠥᠷᠨᠢᠭᠦᠯᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠥᠯᠢᠭᠡᠷ ᠡᠳ᠋ ᠢ 5748 ᠬᠥᠮᠦᠨ ᠬᠠᠮᠵᠢᠨ ᠴᠤᠭᠯᠠᠭᠤᠯᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号