ᠵᠡᠮᠳᠡᠭ ᠬᠦᠮᠦᠨ ᠤ ᠦᠨᠡᠮᠯᠡᠯ ᠢ ᠬᠢᠨᠠᠨ ᠤᠯᠭᠤᠬᠤ ᠪᠠ ᠬᠠᠮᠢᠶᠠᠷᠬᠤ ᠪᠤᠯ ᠡᠯ᠎ᠡ ᠱᠠᠲᠤᠨ ᠤ ᠵᠡᠮᠳᠡᠭᠴᠤᠳ ᠤᠨ | ᠬᠤᠯᠪᠤᠭ᠎ᠠ ᠶᠢᠨ ᠡᠭᠦᠷᠭᠡ ᠬᠠᠷᠢᠭᠤᠴᠠᠯᠭ᠎ᠠ ᠪᠠᠶᠢᠵᠤ᠂ ᠵᠡᠮᠳᠡᠭᠴᠤᠳ ᠤᠨ ᠬᠤᠯᠪᠤᠭ᠎ᠠ ᠶᠢᠨ ᠬᠠᠮᠢᠶᠠᠷᠤᠯᠲᠠ ᠶᠢᠨ ᠡᠭᠦᠷᠭᠡ | ᠴᠢᠳᠠᠪᠤᠷᠢ ᠶᠢᠨ ᠴᠢᠬᠤᠯᠠ ᠬᠠᠷᠠᠭᠤᠯᠤᠯ ᠪᠤᠯᠬᠤ ᠪᠦᠭᠡᠳ ᠵᠡᠮᠳᠡᠭᠴᠤᠳ ᠤᠨ ᠬᠤᠯᠪᠤᠭ᠎ᠠ ᠶᠢᠨ ᠪᠠᠶᠢᠡᠭᠭᠤ ᠶᠢᠨ | ᠴᠢᠨᠠᠷᠲᠠᠢ ᠠᠵᠢᠯ ᠪᠤᠯᠤᠨ᠎ᠠ᠃ ᠡᠯ᠎ᠡ ᠱᠠᠲᠤᠨ ᠤ ᠵᠡᠮᠳᠡᠭᠴᠤᠳ ᠤᠨ ᠬᠤᠯᠪᠤᠭ᠎ᠠ ᠨᠤᠭᠤᠳ ᠲᠤᠰᠬᠠᠢ ᠬᠦᠮᠦᠨ ᠵᠢᠭᠠᠨ | ᠲᠤᠭᠲᠠᠭᠠᠵᠤ᠂ ᠵᠡᠮᠳᠡᠭ ᠬᠦᠮᠦᠨ ᠤᠨ ᠦᠨᠡᠮᠯᠡᠯ ᠬᠢᠨᠠᠨ ᠤᠯᠭᠤᠬᠤ ᠪᠠ ᠬᠠᠮᠢᠶᠠᠷᠬᠤ ᠠᠵᠢᠯ ᠢ ᠬᠠᠷᠢᠭᠤᠴᠠᠭᠤᠯᠬᠤ | ᠬᠡᠷᠡᠭᠲᠠᠢ᠃ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ ᠤᠨ | ᠬᠠᠮᠢᠶᠠᠷᠤᠯᠲᠠ ᠶᠢᠨ ᠠᠷᠭ᠎ᠠ︾ ᠨᠢ ᠵᠡᠮᠳᠡᠭ ᠬᠦᠮᠦᠨ ᠤ ᠦᠨᠡᠮᠯᠡᠯ ᠬᠢᠨᠠᠨ ᠤᠯᠭᠤᠬᠤ ᠪᠠ ᠬᠠᠮᠢᠶᠠᠷᠬᠤ ᠶᠠᠪᠤᠳᠠᠯ ᠳᠤ | ᠲᠤᠲᠤᠷᠬᠠᠢ ᠲᠤᠭᠲᠠᠭᠠᠯ ᠭᠠᠷᠭᠠᠵᠠᠢ᠄ | ︵1︶ ᠵᠡᠮᠳᠡᠭ ᠬᠦᠮᠦᠨ ᠤ ᠦᠨᠡᠮᠯᠡᠯ ᠢ ᠮᠤᠵᠢ ᠶᠢᠨ ᠱᠠᠲᠤᠨ ᠤ ᠵᠡᠮᠳᠡᠭᠴᠤᠳ ᠤᠨ ᠬᠤᠯᠪᠤᠭ᠎ᠠ ᠠᠴᠠ | ᠨᠢᠭᠡᠳᠦᠯᠲᠠᠢ ᠳ᠋ᠤᠭᠠᠷᠯᠠᠵᠤ᠂ ᠰᠢᠶᠠᠨ ᠤ ᠱᠠᠲᠤᠨ ᠤ ᠵᠡᠮᠳᠡᠭᠴᠤᠳ ᠤᠨ ᠬᠤᠯᠪᠤᠭ᠎ᠠ ᠠᠴᠠ ᠬᠢᠨᠠᠨ ᠤᠯᠭᠤᠬᠤ ᠪᠠ | ᠬᠠᠮᠢᠶᠠᠷᠬᠤ ᠶᠢ ᠬᠠᠷᠢᠭᠤᠴᠠᠨ᠎ᠠ᠃ | ︵2︶ ︽ᠳᠤᠮᠳᠠᠲᠤ ᠤᠯᠤᠰ ᠤᠨ ᠵᠡᠮᠳᠡᠭ ᠬᠦᠮᠦᠨ ᠢ ᠬᠢᠨᠠᠨ ᠲᠤᠭᠲᠠᠭᠠᠬᠤ ᠳᠤ ᠬᠡᠷᠡᠭᠯᠡᠬᠦ ᠪᠠᠷᠢᠮᠵᠢᠶ᠎ᠠ︾ ᠪᠠᠷ | ᠦᠨᠡᠮᠰᠢᠵᠤ ᠦᠨᠡᠮᠯᠡᠯ ᠤᠯᠭᠤᠨ᠎ᠠ᠃ ᠢᠯᠡᠷᠭᠡᠢ ᠵᠡᠮᠳᠡᠭ ᠪᠦᠭᠡᠳ ᠵᠡᠮᠳᠡᠭ ᠤᠨ ᠲᠦᠷᠦᠯ ᠢᠯᠭᠠᠯ᠂ ᠳᠡᠰ ᠢ | ᠦᠨᠡᠮᠰᠢᠬᠦ ᠳᠤ ᠬᠢᠯᠪᠡᠷ ᠲᠤᠨᠢ ᠰᠢᠭᠤᠳ ᠦᠨᠡᠮᠰᠢᠭᠡᠳ ᠦᠨᠡᠮᠯᠡᠯ ᠤᠯᠭᠤᠨ᠎ᠠ︔ ᠰᠢᠶᠠᠨ ᠤ ᠱᠠᠲᠤᠨ ᠤ | ᠵᠡᠮᠳᠡᠭᠴᠤᠳ ᠤᠨ ᠬᠤᠯᠪᠤᠭ᠎ᠠ ᠵᠡᠮᠳᠡᠭ ᠤᠨ ᠲᠦᠷᠦᠯ ᠢᠯᠭᠠᠯ᠂ ᠳᠡᠰ ᠢ ᠰᠢᠭᠤᠳ ᠦᠨᠡᠮᠰᠢᠬᠦ ᠳᠤ ᠪᠡᠷᠭᠡᠲᠠᠢ ᠪᠤᠯ | ᠰᠢᠶᠠᠨ ᠬᠢᠭᠡᠳ ᠰᠢᠶᠠᠨ ᠤ ᠱᠠᠲᠤᠨ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠪᠤᠶᠤ ᠲᠤᠰᠬᠠᠢ ᠡᠮᠨᠡᠯᠭᠡ ᠶᠢᠨ | ᠬᠤᠷᠢᠶ᠎ᠠ ᠪᠠᠷ ᠪᠠᠶᠢᠴᠠᠭᠠᠯᠭᠠᠭᠰᠠᠨ ᠤ ᠳᠠᠷᠠᠭ᠎ᠠ ᠦᠨᠡᠮᠰᠢᠭᠡᠳ ᠬᠢᠨᠠᠨ ᠤᠯᠭᠤᠨ᠎ᠠ᠃ | ︵3︶ ᠵᠡᠮᠳᠡᠭ ᠤᠨ ᠲᠦᠷᠦᠯ ᠢᠯᠭᠠᠯ᠂ ᠳᠡᠰ ᠪᠤᠯᠤᠨ ᠵᠡᠮᠳᠡᠭ ᠬᠦᠮᠦᠨ ᠤ ᠦᠨᠡᠮᠯᠡᠯ ᠤᠨ ᠡᠯ᠎ᠡ ᠪᠤᠯᠤᠩ ᠤᠨ | ᠪᠤᠳᠠᠲᠠᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠵᠡᠮᠳᠡᠭ ᠬᠦᠮᠦᠨ ᠤ ᠬᠡᠷᠡᠴᠢ ᠶᠢ ᠲᠠᠭᠯᠠᠬᠤ ᠶᠢᠨ ᠬᠠᠮᠲᠤ᠂ ᠪᠦᠷᠢᠳᠭᠡᠨ | ᠳᠠᠩᠰᠠᠯᠠᠵᠤ᠂ ᠳᠠᠩᠰᠠ ᠡᠪᠬᠡᠮᠡᠯ ᠪᠠᠶᠢᠭᠤᠯᠤᠨ ᠺᠠᠷᠲ ᠵᠤᠬᠢᠶᠠᠨ᠎ᠠ᠃ | ︵4︶ ᠵᠡᠮᠳᠡᠭᠴᠤᠳ ᠤᠨ ᠵᠡᠮᠳᠡᠭ ᠨᠢ ᠡᠷᠡᠭᠦᠯᠵᠢᠭᠰᠡᠨ᠂ ᠨᠠᠰᠤ ᠪᠠᠷᠠᠭᠰᠠᠨ ᠪᠤᠯ ᠵᠡᠮᠳᠡᠭ ᠬᠦᠮᠦᠨ ᠤ | ᠦᠨᠡᠮᠯᠡᠯ ᠢ ᠨᠢ ᠴᠠᠭ ᠲᠤᠬᠠᠢ ᠳᠤᠨᠢ ᠬᠤᠷᠢᠶᠠᠵᠤ ᠠᠪᠤᠨ᠎ᠠ︔ ᠵᠡᠮᠳᠡᠭ ᠬᠦᠮᠦᠨ ᠤ ᠦᠨᠡᠮᠯᠡᠯ ᠢᠶᠠᠨ ᠬᠡᠬᠡᠭᠰᠡᠨ ᠪᠤᠯ | ᠴᠠᠭ ᠲᠤᠬᠠᠢ ᠳᠤᠨᠢ ᠬᠦᠴᠦᠨ ᠦᠭᠡᠢ ᠪᠤᠯᠭᠠᠬᠤ ᠶᠢᠨ ᠬᠠᠮᠲᠤ ᠰᠢᠨ᠎ᠡ ᠦᠨᠡᠮᠯᠡᠯ ᠨᠦᠬᠦᠵᠤ ᠬᠢᠯᠭᠡᠬᠦ ᠬᠡᠷᠡᠭᠲᠠᠢ᠃ | ︵5︶ ᠵᠡᠮᠳᠡᠭ ᠬᠦᠮᠦᠨ ᠤ ᠦᠨᠡᠮᠯᠡᠯ ᠢ ᠬᠢᠨᠠᠨ ᠤᠯᠭᠤᠬᠤ ᠪᠠ ᠬᠠᠮᠢᠶᠠᠷᠬᠤ ᠠᠵᠢᠯ ᠢ ᠵᠢᠷᠤᠮᠵᠢᠭᠤᠯᠤᠨ᠂ | ᠵᠡᠮᠳᠡᠭ ᠪᠤᠰᠤ ᠬᠦᠮᠦᠨ ᠳᠤ ᠦᠨᠡᠮᠯᠡᠯ ᠤᠯᠭᠤᠬᠤ ᠶᠢ ᠡᠷᠡᠰ ᠴᠠᠭᠠᠵᠠᠯᠠᠨ᠎ᠠ᠃ |