ᠭᠤᠷᠪᠠᠳᠤᠭᠠᠷ ᠪᠦᠯᠦᠭ ᠤᠨ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠥᠪᠥᠷ ᠮᠣᠩᠭᠤᠯ ᠳᠤ ᠰᠤᠩᠭᠤᠭᠳᠠᠭᠰᠠᠨ ᠲᠥᠷᠥᠯ  ᠵᠦᠢᠯ ᠤᠨ ᠬᠤᠶᠠᠳᠤᠭᠠᠷ ᠬᠤᠳᠠᠯᠳᠤᠨ ᠠᠪᠬᠤ ᠣᠨ ᠤ ᠭᠡᠷ᠎ᠡ ᠶᠢ ᠦᠷᠭᠦᠯᠵᠢᠯᠡᠭᠦᠯᠦᠭᠰᠡᠨ ᠦᠷ᠎ᠡ ᠳ᠋ᠦᠩ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/11/21
      ᠥᠪᠥᠷ ᠡᠮ ᠬᠤᠳᠠᠯᠳᠤᠨ ᠠᠪᠬᠤ ᠲᠥᠪ ᠦᠰᠦᠭ ﹇2021﹈ 232 ᠳ᠋ᠤᠭᠠᠷ ᠲᠣᠭᠠᠲᠤ ᠡᠯ᠎ᠡ ᠬᠠᠮᠢᠶ᠎ᠠ ᠪᠥᠬᠦᠶ ᠨᠢᠭᠡᠴᠡ᠄      ︽ᠭᠤᠷᠪᠠᠳᠤᠭᠠᠷ ᠪᠦᠯᠦᠭ ᠤᠨ ᠤᠯᠤᠰ ᠤᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠳᠤ ᠰᠤᠩᠭᠤᠭᠳᠠᠭᠰᠠᠨ ᠡᠮ ᠲᠠᠩ ᠤᠨ ᠭᠡᠷ᠎ᠡ ᠶᠢ ᠦᠷᠭᠦᠯᠵᠢᠯᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ  ﹇2021﹈ 228 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠤᠤᠯ ᠤᠨ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠨᠢ 1 ᠵᠢᠯ ᠪᠠᠶᠢᠭᠰᠠᠨ ᠰᠤᠩᠭᠤᠭᠳᠠᠭᠰᠠᠨ ᠡᠮ ᠲᠠᠩ ᠤᠨ ᠠᠵᠤ ᠠᠬᠤᠶᠢᠯᠠᠯ ᠤᠨ ᠭᠡᠷ᠎ᠡ ᠶᠢ ᠦᠷᠭᠦᠯᠵᠢᠯᠡᠭᠦᠯᠬᠦ ᠰᠠᠨᠠᠮᠵᠢ ᠶᠢ ᠯᠠᠪᠯᠠᠨ ᠠᠰᠠᠭᠤᠬᠤ ᠪᠠᠷ ᠳᠡᠮᠵᠢᠨ᠂ ᠤᠮᠧᠯᠠᠽᠤᠯ ᠭᠡᠳᠡᠰᠦᠨ ᠤ ᠠᠭᠤᠰᠤᠮᠠᠯ ᠬᠤᠮᠵᠢᠶ᠎ᠠ ᠵᠡᠷᠭᠡ 22 ᠡᠮ ᠲᠠᠩ ᠢ ᠴᠥᠮ ᠦᠷᠭᠦᠯᠵᠢᠯᠡᠨ ᠬᠠᠩᠭᠠᠬᠤ ᠶᠢ ᠵᠥᠪᠰᠢᠶᠡᠷᠡᠪᠡ᠂ ᠡᠳᠦᠭᠡ ᠬᠤᠶᠠᠳᠤᠭᠠᠷ ᠵᠢᠯ ᠤᠨ ᠬᠤᠳᠠᠯᠳᠤᠨ ᠠᠪᠬᠤ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠬᠤᠳᠠᠯᠳᠤᠨ ᠠᠪᠬᠤ ᠦᠨ᠎ᠡ ᠶᠢ ᠤᠤᠯ ᠤᠨ ᠰᠤᠩᠭᠤᠭᠳᠠᠭᠰᠠᠨ ᠦᠨ᠎ᠡ ᠪᠠᠷ ᠬᠡᠷᠡᠭᠵᠢᠭᠦᠯᠦᠨ᠎ᠡ᠃      ᠬᠤᠶᠠᠷ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠠᠮᠢᠶᠠᠷᠤᠯᠲᠠ ᠪᠠ ᠵᠥᠪᠯᠡᠯᠴᠡᠭᠡᠷ ᠲᠣᠭᠲᠠᠬᠤ ᠠᠵᠢᠯ ᠢ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠳᠤ ᠬᠡᠷᠡᠭᠯᠡᠬᠦ ᠡᠮ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠭᠦᠢᠴᠡᠳ ᠬᠠᠩᠭᠠᠨ᠎ᠠ᠃      ᠭᠤᠷᠪᠠ᠂ ᠡᠮ ᠲᠠᠩ ᠤᠨ ᠶᠠᠰᠤ ᠴᠢᠨᠠᠷ ᠪᠠ ᠬᠠᠩᠭᠠᠯᠭ᠎ᠠ ᠳᠤ ᠬᠠᠷᠢᠭᠤᠴᠠᠵᠤ᠂ ᠦᠷᠭᠦᠯᠵᠢᠯᠡᠨ ᠬᠤᠳᠠᠯᠳᠤᠨ ᠠᠪᠬᠤ ᠭᠡᠷ᠎ᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃      ᠳᠥᠷᠪᠡ᠂ ᠪᠤᠰᠤᠳ ᠵᠦᠢᠯ ᠢ ᠭᠤᠷᠪᠠᠳᠤᠭᠠᠷ ᠪᠦᠯᠦᠭ ᠤᠨ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠬᠠᠮᠢᠶ᠎ᠠ ᠪᠥᠬᠦᠶ ᠮᠡᠳᠡᠭᠳᠡᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃          ᠳᠠᠭᠠᠯᠳᠤᠭᠤᠯᠤᠯ᠄ ᠭᠤᠷᠪᠠᠳᠤᠭᠠᠷ ᠪᠦᠯᠦᠭ ᠤᠨ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠪᠠ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠨᠢ 1 ᠵᠢᠯ ᠪᠣᠯᠬᠤ ᠰᠤᠩᠭᠤᠭᠳᠠᠭᠰᠠᠨ ᠡᠮ ᠲᠠᠩ ᠤᠨ ᠭᠡᠷ᠎ᠡ ᠶᠢ ᠦᠷᠭᠦᠯᠵᠢᠯᠡᠭᠦᠯᠦᠭᠰᠡᠨ ᠦᠷ᠎ᠡ ᠳ᠋ᠦᠩ          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2021 ᠣᠨ ᠤ 11 ᠳ᠋ᠤᠭᠡᠷ ᠰᠠᠷ᠎ᠠ ᠶᠢᠨ 19 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号