ᠬᠡᠰᠡᠭ ᠡᠮ ᠲᠠᠩ ᠤᠨ ᠬᠤᠳᠠᠯᠳᠤᠨ ᠠᠪᠬᠤ ᠦᠨ᠎ᠡ ᠶᠢ ᠪᠠᠭᠤᠷᠠᠭᠤᠯᠬᠤ ᠲᠤᠬᠠᠶ ᠮᠡᠳᠡᠭᠳᠡᠯ ︵2021 — 11︶
ᠨᠡᠶᠢᠲᠡᠯᠡᠭᠰᠡᠨ ᠴᠠᠭ᠄
2021/11/21
      ᠥᠪᠥᠷ ᠡᠮ ᠬᠤᠳᠠᠯᠳᠤᠨ ᠠᠪᠬᠤ ᠲᠥᠪ ᠦᠰᠦᠭ ﹇2021﹈ 231 ᠳ᠋ᠤᠭᠡᠷ ᠲᠣᠭᠠᠲᠤ ᠡᠯ᠎ᠡ ᠬᠠᠮᠢᠶ᠎ᠠ ᠪᠥᠬᠦᠶ ᠨᠢᠭᠡᠴᠡ᠄      ᠤᠯᠤᠰ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠲᠠᠢ ᠤᠶᠠᠯᠳᠤᠭᠤᠯᠤᠨ᠂ ᠣᠲᠣ ᠰᠢᠨ ᠳ᠋ᠠ ᠠᠮᠢᠳᠤ ᠪᠣᠳᠠᠰ ᠤᠨ ᠡᠮ ᠦᠢᠯᠡᠳᠬᠦ ︵ᠰᠦᠵᠧᠦ︶ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠵᠦ ᠡᠵᠡᠩᠨᠡᠵᠦ ᠪᠠᠶᠢᠭ᠎ᠠ ᠪᠤᠹᠠᠷᠵᠤ ᠲᠠᠩ ᠤᠨ ᠲᠠᠷᠢᠯᠭ᠎ᠠ ᠶᠢᠨ ᠰᠢᠩᠭᠡᠨ ︵4ml:100mg/ ᠰᠢᠷᠬᠡᠭ︶ ᠵᠡᠷᠭᠡ 12 ᠡᠮ ᠲᠠᠩ ᠤᠨ ᠦᠨ᠎ᠡ ᠬᠠᠩᠰᠢ ᠳᠤ ᠲᠣᠬᠢᠷᠠᠭᠤᠯᠤᠯᠲᠠ ᠬᠢᠪᠠ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠡᠷᠬᠡᠪᠰᠢ ᠬᠤᠳᠠᠯᠳᠤᠨ ᠠᠪᠬᠤ ᠬᠢᠵᠠᠭᠠᠷᠲᠤ ᠦᠨ᠎ᠡ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ ᠤᠤᠯ ᠤᠨ ᠵᠥᠪᠯᠡᠭᠰᠡᠨ ᠦᠨ᠎ᠡ ᠶᠢᠨ ᠠᠷᠭ᠎ᠠ ᠮᠠᠶ᠋ᠢᠭ ᠢᠶᠠᠷ ᠵᠥᠪᠯᠡᠭᠰᠡᠨ ᠦᠨ᠎ᠡ ᠪᠠ ᠬᠤᠳᠠᠯᠳᠤᠨ ᠠᠪᠬᠤ ᠠᠵᠢᠯ ᠢ ᠥᠷᠨᠢᠭᠦᠯᠵᠦ᠂ ᠬᠠᠮᠢᠶ᠎ᠠ ᠪᠥᠬᠦᠶ ᠦᠢᠯᠡᠳᠪᠦᠷᠢᠯᠡᠯ ︵ᠡᠵᠡᠩᠨᠡᠯᠲᠡ︶ ᠤᠨ ᠠᠵᠤ ᠠᠬᠤᠶᠢᠯᠠᠯ ᠤᠳ ᠡᠷᠬᠡᠪᠰᠢ ᠲᠣᠬᠢᠷᠠᠭᠤᠯᠤᠭᠰᠠᠨ ᠤ ᠳᠠᠷᠠᠭᠠᠬᠢ ᠦᠨ᠎ᠡ ᠬᠠᠩᠰᠢ ᠪᠠᠷ ᠵᠥᠪᠯᠡᠭᠰᠡᠨ ᠦᠨ᠎ᠡ ᠪᠠᠷ ᠪᠣᠷᠣᠯᠠᠭᠤᠯᠭ᠎ᠠ ᠬᠢᠬᠦ ᠬᠡᠷᠡᠭᠲᠡᠶ᠃      ᠲᠣᠬᠢᠷᠠᠭᠤᠯᠤᠯᠲᠠ ᠬᠢᠭᠰᠡᠨ ᠤ ᠳᠠᠷᠠᠭ᠎ᠠ ᠦᠨ᠎ᠡ ᠬᠠᠩᠰᠢ ᠶᠢ 2021 ᠣᠨ ᠤ 11 ᠳ᠋ᠤᠭᠡᠷ ᠰᠠᠷ᠎ᠠ ᠶᠢᠨ 24 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠬᠠᠷᠢᠯᠴᠠᠬᠤ ᠬᠥᠮᠦᠨ᠄ ᠵᠠᠩ ᠪᠠᠭᠰᠢ      ᠬᠠᠷᠢᠯᠴᠠᠬᠤ ᠤᠲᠠᠰᠤ᠄ 0471—4904007    ᠳᠠᠭᠠᠯᠳᠤᠭᠤᠯᠤᠯ᠄ ᠡᠮ ᠲᠠᠩ ᠤᠨ ᠦᠨ᠎ᠡ ᠬᠠᠩᠰᠢ ᠳᠤ ᠲᠣᠬᠢᠷᠠᠭᠤᠯᠤᠯᠲᠠ ᠬᠢᠭᠰᠡᠨ ᠨᠠᠷᠢᠨ ᠬᠠᠭᠤᠳᠠᠰᠤ ︵ᠠᠷᠪᠠᠨ ᠨᠢᠭᠡᠳᠦᠭᠡᠷ ᠪᠦᠯᠦᠭ︶          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2021 ᠣᠨ ᠤ 11 ᠳ᠋ᠤᠭᠡᠷ ᠰᠠᠷ᠎ᠠ ᠶᠢᠨ 19 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号