ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠠᠳ ᠨᠠᠰᠦ ᠪᠠᠷᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠦᠯᠡᠳᠡᠪᠦᠷᠢ ᠶᠢ ᠲᠥᠪᠯᠡᠷᠡᠭᠦᠯᠦᠨ ᠪᠤᠴᠠᠭᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/11/23
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠦᠷᠢᠮ︾ ᠤᠨ ᠬᠤᠷᠢᠨ ᠨᠠᠢᠮᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ︽ᠳᠠᠭᠠᠳᠬᠠᠯ ᠳᠤ ᠣᠷᠣᠭᠰᠠᠳ ᠨᠠᠰᠦ ᠪᠠᠷᠠᠭᠰᠠᠨ ᠤ ᠳᠠᠷᠠᠭ᠎ᠠ᠂ ᠲᠡᠭᠦᠨ ᠤ ᠬᠤᠪᠢ ᠬᠥᠮᠦᠨ ᠤ ᠲᠠᠩᠰᠠᠨ ᠡᠷᠦᠬᠡ ᠶᠢᠨ ᠦᠯᠡᠳᠡᠪᠦᠷᠢ ᠶᠢ ᠥᠪ ᠵᠠᠯᠭᠠᠮᠵᠢᠯᠠᠭᠴᠢ ᠳᠤᠨᠢ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠪᠤᠴᠠᠭᠠᠨ ᠥᠭᠴᠦ ᠪᠣᠯᠤᠨ᠎ᠠ︾ ᠭᠡᠵᠡᠶ᠃ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠠᠴᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳᠠᠭᠠᠳᠬᠠᠯ ᠳᠤ ᠣᠷᠣᠯᠴᠠᠭᠠᠳ ᠨᠠᠰᠦ ᠪᠠᠷᠠᠭᠰᠠᠨ ᠬᠥᠮᠦᠰ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠦᠯᠡᠳᠡᠪᠦᠷᠢ ᠶᠢ ᠲᠥᠪᠯᠡᠷᠡᠭᠦᠯᠦᠨ ᠪᠤᠴᠠᠭᠠᠬᠤ ᠠᠵᠢᠯ ᠢ ᠥᠷᠨᠢᠭᠦᠯᠦᠨ᠎ᠡ᠂ ᠪᠣᠳᠠᠲᠠᠶ ᠵᠦᠢᠯᠡᠰ ᠢ ᠳᠣᠤᠷᠠᠬᠢ ᠮᠡᠲᠦ ᠵᠠᠷᠯᠠᠶ᠎ᠠ      ᠨᠢᠭᠡ᠂  ᠭᠦᠢᠴᠡᠳᠭᠡᠬᠦ ᠶᠠᠪᠤᠴᠠ      ᠤᠤᠯ ᠤᠨ ᠳᠠᠭᠠᠳᠬᠠᠯ ᠳᠤ ᠣᠷᠣᠯᠴᠠᠭᠰᠠᠨ ᠨᠢᠭᠡᠴᠡ ᠨᠢ ᠮᠥᠨ ᠬᠡᠪ ᠤᠨ ᠶᠣᠰᠣᠭᠠᠷ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠤᠤᠯ ᠤᠨ ᠳᠠᠭᠠᠳᠬᠠᠯ ᠳᠤ ᠣᠷᠣᠯᠴᠠᠭᠰᠠᠨ ᠨᠢᠭᠡᠴᠡ ᠠᠴᠠ ᠨᠠᠰᠦ ᠪᠠᠷᠠᠭᠰᠠᠨ ᠬᠥᠮᠦᠨ ᠳᠤ ᠬᠤᠪᠢ ᠬᠥᠮᠦᠨ ᠤ ᠲᠠᠩᠰᠠᠨ ᠡᠷᠦᠬᠡ ᠶᠢᠨ ᠦᠯᠡᠳᠡᠪᠦᠷᠢ ᠶᠢ ᠪᠤᠴᠠᠭᠠᠨ ᠥᠭᠬᠦ ᠭᠠᠷ ᠭᠦᠢᠴᠡᠳᠭᠡᠯ ᠬᠢᠵᠦ ᠥᠭᠭᠦᠨ᠎ᠡ︔ ᠤᠤᠯ ᠤᠨ ᠳᠠᠭᠠᠳᠬᠠᠯ ᠳᠤ ᠣᠷᠣᠯᠴᠠᠭᠰᠠᠨ ᠨᠢᠭᠡᠴᠡ ᠨᠢ ᠨᠢᠭᠡᠨᠲᠡ ᠬᠦᠴᠦᠨ ᠥᠬᠡᠶ ᠪᠣᠯᠭᠠᠭᠰᠠᠨ ᠪᠠᠶᠢᠪᠠᠯ᠂ ᠨᠠᠰᠦ ᠪᠠᠷᠠᠭᠰᠠᠨ ᠬᠥᠮᠦᠨ ᠤ ᠬᠠᠤᠯᠢ ᠪᠠᠷ ᠲᠣᠭᠲᠠᠭᠠᠭᠰᠠᠨ ᠥᠪ ᠵᠠᠯᠭᠠᠮᠵᠢᠯᠠᠭᠴᠢ ᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠬᠦᠷᠴᠦ ᠲᠠᠩᠰᠠᠨ ᠡᠷᠦᠬᠡ ᠶᠢᠨ ᠦᠯᠡᠳᠡᠪᠦᠷᠢ ᠶᠢ ᠪᠤᠴᠠᠭᠠᠬᠤ ᠭᠠᠷᠳᠠᠮ ᠢ ᠰᠢᠭᠤᠳ ᠭᠦᠢᠴᠡᠳᠭᠡᠨ᠎ᠡ᠃      ᠬᠤᠶᠠᠷ᠂ ᠭᠦᠢᠴᠡᠳᠬᠡᠬᠦ ᠳᠤ ᠬᠡᠷᠡᠭᠰᠡᠬᠦ ᠮᠠᠲ᠋ᠧᠷᠢᠶᠠᠯ      ᠭᠠᠷ ᠭᠦᠢᠴᠡᠳᠭᠡᠯ ᠬᠢᠬᠦ ᠳᠡᠭᠡᠨ ᠨᠠᠰᠦ ᠪᠠᠷᠠᠭᠰᠠᠳ ᠤᠨ ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ︵ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠠᠩᠬᠢ ᠶᠢᠨ ᠴᠢᠳᠠᠮᠵᠢ ᠨᠢ ᠬᠥᠭᠵᠢᠭᠡ ᠥᠬᠡᠶ ᠪᠣᠯ ᠨᠠᠰᠦ ᠪᠠᠷᠠᠭᠰᠠᠳ ᠤᠨ ᠪᠤᠰᠤᠳ ᠪᠠᠩᠬᠢ ᠶᠢᠨ ᠺᠠᠷᠲ ᠢ ᠬᠠᠩᠭᠠᠨ᠎ᠠ︶ ᠢ ᠬᠠᠩᠭᠠᠬᠤ ᠬᠡᠷᠡᠭᠲᠡᠶ᠂ ᠪᠠᠰᠠ ᠬᠠᠤᠯᠢ ᠳᠤ ᠲᠣᠭᠲᠠᠭᠠᠭᠰᠠᠨ ᠥᠪ ᠵᠠᠯᠭᠠᠮᠵᠢᠯᠠᠭᠴᠢ ᠶᠢᠨ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠵᠢᠴᠢ ᠪᠠᠩᠬᠢ ᠶᠢᠨ ᠺᠠᠷᠲ ᠢ ᠬᠠᠩᠭᠠᠨ᠎ᠠ᠃      ᠭᠤᠷᠪᠠ᠂ ᠭᠦᠢᠴᠡᠳᠭᠡᠬᠦ ᠴᠠᠭ ᠪᠠ ᠭᠠᠵᠠᠷ      ᠭᠦᠢᠴᠡᠳᠭᠡᠬᠦ ᠴᠠᠭ᠄ 2021 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ 25 ᠤ ᠡᠳᠦᠷ ᠪᠣᠯᠲᠠᠯ᠎ᠠ      ᠭᠦᠢᠴᠡᠳᠭᠡᠬᠦ ᠭᠠᠵᠠᠷ᠄ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠴᠣᠩᠬᠤ ︵ᠬᠠᠶ᠋ᠢᠭ᠄ ᠴᠡᠯᠡᠭᠡᠷ ᠲᠠᠯ᠎ᠠ ᠶᠡᠭᠡ ᠵᠡᠭᠡᠯᠢ ᠪᠠ ᠸᠠᠨ ᠲᠦᠩ ᠵᠠᠮ ᠤᠨ ᠠᠭᠤᠯᠵᠠᠷ ᠤᠨ ᠵᠡᠭᠦᠨ ᠡᠮᠦᠨ᠎ᠡ ᠥᠨᠴᠥᠭ ᠤᠨ 13 ᠳ᠋ᠤᠭᠠᠷ ᠠᠰᠠᠷ︶      ᠳᠥᠷᠪᠡ᠂ ᠠᠩᠬᠠᠷᠬᠤ ᠵᠦᠢᠯ      ᠬᠤᠭᠤᠴᠠᠭ᠎ᠠ ᠬᠡᠲᠦᠷᠡᠲᠡᠯ᠎ᠡ ᠭᠠᠷ ᠭᠦᠢᠴᠡᠳᠭᠡᠯ ᠬᠢᠭᠰᠡᠨ ᠥᠬᠡᠶ ᠪᠠᠶᠢᠪᠠᠯ᠂ ᠨᠠᠰᠦ ᠪᠠᠷᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠦᠯᠡᠳᠡᠪᠦᠷᠢ ᠶᠢ ᠲᠡᠭᠦᠨ ᠤ ᠡᠮ ᠡᠮᠨᠡᠯᠭᠡ ᠶᠢᠨ ᠳᠠᠭᠠᠳᠬᠠᠯ ᠤᠨ ᠺᠠᠷᠲ ᠤᠨ ᠮᠥᠩᠭᠦᠨ ᠭᠦᠢᠯᠭᠡᠭᠡᠨ ᠤ ᠲᠠᠩᠰᠠᠨ ᠡᠷᠦᠬᠡ ᠳᠤ ᠰᠢᠯᠵᠢᠭᠦᠯᠵᠦ᠂ ᠬᠠᠤᠯᠢ ᠪᠠᠷ ᠲᠣᠭᠲᠠᠭᠠᠭᠰᠠᠨ ᠥᠪ ᠵᠠᠯᠭᠠᠮᠵᠢᠯᠠᠭᠴᠢ ᠶᠢ ᠴᠠᠭ ᠲᠤᠬᠠᠶ ᠳᠤᠨᠢ ᠡᠮ ᠡᠮᠨᠡᠯᠭᠡ ᠶᠢᠨ ᠳᠠᠭᠠᠳᠬᠠᠯ ᠤᠨ ᠺᠠᠷᠲ ᠤᠨ ᠬᠠᠷᠢᠶ᠎ᠠ ᠪᠠᠩᠬᠢ ᠳᠤ ᠬᠦᠷᠴᠦ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠭᠡᠨ᠎ᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠲᠠᠭᠠᠳᠬᠠᠯ ᠤᠨ ᠦᠢᠯᠡᠴᠢᠯᠡᠭᠡᠨ ᠤ ᠲᠦᠪ      2021 ᠣᠨ ᠤ 11 ᠳ᠋ᠤᠭᠡᠷ ᠰᠠᠷ᠎ᠠ ᠶᠢᠨ 22 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号