ᠬᠥᠬᠡᠬᠤᠳᠠ  ᠳᠤ ᠭᠠᠷᠤᠭᠰᠠᠨ ᠰᠢᠳᠠᠬᠴᠢ ᠬᠡᠶ ᠶᠢᠨ ᠠᠳᠡᠯ ᠬᠡᠷᠡᠭ ᠤᠨ ᠬᠤᠶᠢᠲᠤᠬᠢ ᠶᠠᠪᠤᠳᠠᠯ ᠢ ᠳᠣᠬᠢᠳᠠᠢ ᠰᠢᠢᠳᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2021/11/25
     11 ᠳ᠋ᠣᠭᠡᠷ ᠰᠠᠷ᠎ᠠ ᠶᠢᠨ 22 ᠤᠨ ᠥᠷᠯᠥᠭᠡ ᠶᠢᠨ 7 ᠴᠠᠭ 40 ᠮᠢᠨᠦ᠋ᠲ ᠲᠤ ᠬᠦᠬᠡᠬᠤᠳᠠ ᠶᠢᠨ ᠢᠦᠶ ᠴᠢᠤᠸᠠᠨ ᠲᠣᠭᠤᠷᠢᠭ ᠤᠨ ᠮᠢᠨ ᠾᠧ ᠬᠤᠸᠠ ᠶᠤᠸᠠᠨ ᠬᠤᠷᠢᠶᠠᠯᠠᠯ ᠤᠨ 3 ᠳ᠋ᠤᠭᠠᠷ  ᠠᠰᠠᠷ ᠲᠤ ᠰᠢᠳᠠᠬᠴᠢ ᠬᠡᠢ ᠳᠡᠯᠪᠡᠷᠡᠭᠰᠡᠨ ᠬᠡᠷᠡᠭ ᠭᠠᠷᠴᠠᠶ᠃ 1  ᠬᠥᠮᠦᠨ  ᠠᠳᠡᠵᠦ᠂  2  ᠬᠥᠮᠦᠨ  ᠬᠦᠨᠳᠦ ᠰᠢᠷᠬᠠᠲᠤᠵᠤ᠂   12  ᠬᠥᠮᠦᠨ ᠬᠥᠩᠭᠡᠨ ᠰᠢᠷᠬᠠᠲᠤᠵᠤ᠂ ᠰᠢᠷᠬᠠᠲᠤᠭᠰᠠᠳ ᠢ ᠴᠥᠮ ᠡᠮᠨᠡᠯᠭᠡ ᠳᠤ ᠬᠦᠷᠭᠡᠵᠦ  ᠡᠮᠴᠢᠯᠡᠨ ᠠᠪᠤᠷᠠᠵᠡᠢ᠂ ᠠᠳᠡᠭᠰᠡᠨ ᠬᠦᠮᠦᠨ ᠤ ᠬᠠᠮᠢᠶᠠᠳᠠᠢ ᠬᠤᠶᠢᠲᠤᠬᠢ ᠶᠠᠪᠤᠳᠠᠯ ᠢ ᠤᠳᠤ ᠶᠠᠭ ᠰᠢᠢᠳᠪᠦᠷᠢᠯᠡᠵᠦ ᠪᠠᠶᠢᠨ᠎ᠠ᠃                              ᠣᠶᠢᠯᠠᠭᠠᠭᠰᠠᠨ ᠢᠶᠠᠷ᠂ ᠲᠤᠬᠠᠢ ᠶᠢᠨ  ᠡᠳᠦᠷ ᠤᠨ  7  ᠴᠠᠭ  40  ᠮᠢᠨᠦ᠋ᠲ ᠲᠤ  ᠭᠠᠯ  ᠤᠨᠲᠠᠷᠠᠭᠠᠬᠤ  ᠰᠠᠯᠠᠭ᠎ᠠ‌ᠮᠥ᠋ᠴᠢᠷ ᠤᠨ ᠬᠢᠨ ᠴᠠᠭᠳᠠᠭ᠎ᠠ ᠶᠢᠨ ᠮᠡᠳᠡᠭᠦᠯᠦᠯᠳᠡ ᠶᠢ ᠲᠤᠰᠴᠦ᠂ 7 ᠴᠠᠭ 47 ᠮᠢᠨᠦ᠋ᠲ ᠲᠤ᠂ ᠨᠢᠭᠡᠳᠦᠭᠡᠷ ᠪᠦᠯᠦᠭ ᠤᠨ  ᠭᠠᠯ ᠤᠨᠲᠠᠷᠠᠭᠠᠵᠤ ᠠᠪᠤᠷᠠᠨ ᠲᠤᠰᠠᠯᠠᠬᠤ ᠬᠥᠮᠦᠰ ᠲᠤᠬᠠᠶ ᠶᠢᠨ ᠲᠠᠯᠠᠪᠤᠷ ᠲᠤ ᠬᠦᠷᠴᠦ᠂ 8  ᠴᠠᠭ  28  ᠮᠢᠨᠦ᠋ᠲ ᠲᠤ  ᠠᠳᠡᠯ ᠤᠨ ᠲᠤᠬᠠᠶ ᠶᠢᠨ ᠲᠠᠯᠠᠪᠤᠷ ᠤᠨ ᠢᠯᠡ ᠭᠠᠯ ᠢ  ᠪᠦᠬᠦᠨ ᠢ ᠤᠨᠲᠠᠷᠠᠭᠠᠪᠠ᠃  ᠭᠠᠯ ᠤᠨᠲᠠᠷᠠᠭᠠᠬᠤ ᠠᠩᠭᠢ ᠶᠢᠨ ᠬᠢᠨ  ᠳᠡᠯᠪᠡᠷᠡᠯᠲᠡ ᠭᠠᠷᠣᠭᠰᠠᠨ ᠭᠠᠵᠠᠷ ᠤᠨ ᠳᠣᠳᠣᠷ ᠪᠠ ᠭᠠᠳᠠᠭᠤᠷ ᠲᠠᠯ᠎ᠠ ᠳᠤ ᠣᠯᠠᠨ ᠡᠭᠡᠯᠵᠢ ᠶᠢᠨ ᠠᠪᠤᠷᠠᠯᠲᠠ ᠬᠢᠵᠦ᠂  ᠡᠮᠨᠡᠯᠭᠡ ᠶᠢᠨ ᠬᠤᠷᠢᠶ᠎ᠠ ᠶᠢᠨ ᠬᠢᠨ ᠨᠢᠭᠡ ᠨᠢᠭᠡ ᠪᠠᠷ ᠠᠪᠤᠷᠠᠨ ᠵᠠᠰᠠᠬᠤ ᠲᠥᠰᠦᠯ ᠲᠣᠭᠲᠠᠭᠠᠵᠤ᠂ ᠰᠢᠷᠬᠠᠲᠤᠭᠰᠠᠳ ᠢ  ᠴᠠᠭ  ᠲᠤᠬᠠᠶ ᠳᠤᠨᠢ ᠠᠪᠤᠷᠠᠨ ᠡᠮᠴᠢᠯᠡᠵᠡᠢ᠃ ᠶᠠᠭᠠᠷᠠᠯᠳᠡᠢ ᠡᠮᠨᠡᠵᠦ ᠠᠪᠤᠷᠠᠬᠤ ᠪᠠᠷ ᠳᠡᠮᠵᠢᠨ᠂ ᠮᠢᠨ ᠾᠧ ᠬᠤᠸᠠ ᠶᠤᠸᠠᠨ ᠲᠣᠭᠤᠷᠢᠭ ᠤᠨ 3  ᠳ᠋ᠤᠭᠠᠷ ᠠᠰᠠᠷ ᠠᠴᠠ ᠭᠠᠳᠠᠨ᠎ᠠ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠴᠠᠬᠢᠯᠭᠠᠨ᠂ ᠤᠰᠤ᠂ ᠢᠯᠴᠢ ᠶᠢᠨ  ᠬᠠᠩᠭᠠᠯᠭ᠎ᠠ᠂ ᠰᠢᠳᠠᠭᠴᠢ ᠬᠡᠶ ᠬᠡᠷᠡᠭᠯᠡᠬᠦ ᠵᠡᠷᠭᠡ ᠪᠠᠶᠢᠳᠠᠯ ᠬᠡᠪ ᠤᠨ ᠪᠤᠯᠵᠡᠢ᠃ ᠣᠳᠣᠬᠠᠨ ᠳᠤ ᠣᠯᠠᠨ ᠲᠦᠮᠡᠨ ᠢ ᠴᠥᠮ ᠲᠣᠬᠢᠲᠠᠶ ᠲᠥᠪᠬᠢᠨᠡᠭᠦᠯᠵᠦ᠂ ᠡᠪᠳᠡᠭᠳᠡᠭᠰᠡᠨ ᠡᠭᠦᠳᠡ ᠴᠣᠩᠬᠤ ᠶᠢ ᠪᠠᠷᠢᠯᠭ᠎ᠠ ᠶᠢᠨ ᠠᠩᠭᠢ ᠶᠢᠨ ᠬᠢᠨ ᠰᠥᠨᠢ ᠪᠠᠷ ᠰᠣᠯᠢᠬᠤ ᠪᠤᠶᠤ ᠲᠦᠷ ᠴᠠᠭ ᠤᠨ ᠳᠤᠯᠠᠭᠠᠨ ᠢ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠣᠶᠢᠷ᠎ᠠ ᠬᠠᠪᠢ ᠶᠢᠨ ᠡᠪᠳᠡᠭᠳᠡᠭᠰᠡᠨ ᠲᠡᠷᠭᠡ ᠶᠢ ᠴᠦ ᠨᠢᠭᠡᠳ ᠨᠢᠭᠡ ᠪᠠᠷ ᠳᠠᠩᠰᠠᠯᠠᠭᠰᠠᠨ ᠪᠥᠭᠡᠳ ᠳᠠᠭᠠᠳᠬᠠᠯ ᠤᠨ ᠺᠣᠮᠫᠠᠨᠢ ᠳᠤ ᠮᠡᠳᠡᠭᠦᠯᠵᠦ ᠳᠥᠯᠥᠭᠦᠯᠵᠡᠶ᠃                              ᠢᠦᠶ ᠴᠢᠤᠸᠠᠨ  ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ  8 ᠠᠵᠢᠯᠯᠠᠬᠤ ᠳᠤᠭᠤᠶᠢᠯᠠᠩ  ᠪᠠᠶᠢᠭᠤᠯᠵᠤ᠂  ᠡᠮ  ᠡᠮᠨᠡᠯᠭᠡ ᠶᠢᠨ  ᠠᠪᠤᠷᠠᠨ  ᠲᠤᠰᠠᠯᠠᠯᠲᠠ᠂  ᠠᠳᠡᠯ ᠤᠨ ᠰᠢᠯᠲᠠᠭᠠᠨ ᠢ ᠪᠠᠶᠢᠴᠠᠭᠠᠬᠤ᠂ ᠬᠡᠷ ᠪᠠᠶᠢᠰᠢᠩ ᠤᠨ ᠰᠦᠢᠳᠦᠯ ᠢ ᠬᠢᠨᠠᠨ ᠲᠣᠭᠲᠠᠭᠠᠬᠤ ᠪᠠ ᠰᠡᠯᠪᠢᠨ ᠵᠠᠰᠠᠬᠤ᠂ ᠠᠳᠡᠭᠰᠡᠨ ᠬᠦᠮᠦᠨ ᠤ ᠭᠡᠷ ᠪᠦᠯᠢ ᠶᠢᠨ ᠬᠢᠨ ᠢ ᠲᠣᠬᠤᠨᠢᠭᠤᠯᠬᠤ᠂ ᠲᠥᠯᠥᠪᠦᠷᠢ ᠥᠭᠬᠦ ᠶᠡᠷᠦᠩᠬᠡᠶᠢᠯᠡᠨ ᠵᠣᠬᠢᠴᠠᠭᠤᠯᠬᠤ ᠪᠠ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠬᠤ ᠵᠡᠷᠭᠡ ᠲᠠᠯ᠎ᠠ ᠪᠠᠷ ᠲᠣᠰ ᠲᠣᠰ ᠠᠵᠢᠯ ᠢᠶᠠᠨ ᠥᠷᠨᠢᠭᠦᠯᠵᠦ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号