ᠤᠯᠤᠰ ᠪᠠ ᠮᠤᠵᠢ ᠶᠢᠨ ᠬᠤᠭᠤᠷᠣᠨᠳᠣᠬᠢ ᠬᠤᠯᠪᠣᠭᠠᠨ ᠤ ᠡᠮ ᠲᠠᠩ ᠢ ᠬᠡᠮᠵᠢᠶ᠎ᠡ ᠲᠠᠢ ᠬᠤᠳᠠᠯᠳᠤᠨ ᠠᠪᠬᠤ ᠬᠤᠯᠪᠣᠭᠳᠠᠯ ᠪᠦ᠋ᠬᠦᠢ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/11/25
      ᠥᠪᠥᠷ ᠡᠮ ᠬᠤᠳᠠᠯᠳᠤᠨ ᠠᠪᠬᠤ ᠲᠥᠪ ᠦᠰᠦᠭ ﹇2021﹈ 233 ᠳ᠋ᠤᠭᠠᠷ ᠲᠣᠭᠠᠲᠤ ᠡᠯ᠎ᠡ ᠬᠠᠮᠢᠶ᠎ᠠ ᠪᠥᠬᠦᠶ ᠨᠢᠭᠡᠴᠡ᠄      ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠ ᠮᠤᠵᠢ ᠶᠢᠨ ᠬᠤᠭᠤᠷᠣᠨᠳᠣᠬᠢ ᠬᠤᠯᠪᠣᠭ᠎ᠠ ᠶᠢᠨ ᠡᠮ ᠲᠠᠩ ᠢ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ︽ᠡᠮ ᠲᠠᠩ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠠᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠳᠥᠯᠭᠢᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ  ﹇2021﹈ 2 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠤᠯᠤᠰ ᠪᠠ ᠮᠤᠵᠢ ᠶᠢᠨ ᠬᠤᠭᠤᠷᠣᠨᠳᠣᠬᠢ ᠬᠤᠯᠪᠣᠭᠠᠨ ᠤ ᠡᠮ ᠲᠠᠩ ᠢ ᠬᠡᠮᠵᠢᠶ᠎ᠡ ᠲᠠᠢ ᠬᠤᠳᠠᠯᠳᠤᠨ ᠠᠪᠬᠤ ᠬᠠᠮᠢᠶ᠎ᠠ ᠪᠥᠬᠦᠶ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠳᠣᠤᠷᠠᠬᠢ ᠮᠡᠲᠦ ᠱᠠᠭᠠᠷᠳᠠᠯᠭ᠎ᠠ ᠭᠠᠷᠭᠠᠪᠠ᠄      ᠨᠢᠭᠡ᠂ ᠰᠦᠯᠵᠢᠶᠡᠨ ᠳᠤ  ᠬᠤᠯᠪᠤᠵᠦ ᠳ᠋ᠦᠩᠨᠡᠨ ᠪᠤᠳᠤᠬᠤ ᠠᠷᠭ᠎ᠠ ᠮᠠᠶ᠋ᠢᠭ ᠢ ᠨᠢᠭᠡᠳᠬᠡᠨ᠎ᠡ       ᠰᠤᠩᠭᠤᠭᠳᠠᠭᠰᠠᠨ ᠡᠮ ᠲᠠᠩ ᠢ ᠰᠦᠯᠵᠢᠶᠡᠨ ᠳᠤ ᠬᠤᠯᠪᠣᠬᠤ ᠠᠷᠭ᠎ᠠ ᠮᠠᠶ᠋ᠢᠭ ᠢ ᠤᠯᠤᠰ ᠪᠠ ᠮᠤᠵᠢ ᠶᠢᠨ ᠬᠤᠭᠤᠷᠣᠨᠳᠣᠬᠢ ᠬᠤᠯᠪᠣᠭ᠎ᠠ ᠶᠢᠨ ᠡᠮ ᠲᠠᠩ ᠢ ᠬᠡᠮᠵᠢᠶ᠎ᠡ ᠲᠠᠢ ᠪᠠᠷ ᠬᠤᠳᠠᠯᠳᠤᠨ ᠠᠪᠬᠤ ᠪᠣᠯᠭᠠᠨ ᠨᠢᠭᠡᠳᠦᠯᠲᠡᠶ ᠨᠡᠶᠢᠯᠡᠭᠦᠯᠵᠦ᠂ ᠡᠮᠴᠢᠯᠡᠭᠡᠨ ᠤ ᠪᠠᠶᠢᠭᠤᠯᠤᠮᠵᠢ ᠨᠢ ᠰᠤᠩᠭᠤᠭᠳᠠᠭᠰᠠᠨ ᠦᠨ᠎ᠡ ᠪᠠᠷ ᠰᠢᠭᠤᠳ ᠬᠤᠳᠠᠯᠳᠤᠨ ᠠᠪᠬᠤ ᠶᠢᠨ ᠬᠠᠮᠲᠤ ᠪᠦᠬᠦᠨ ᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠲᠤ ᠣᠷᠣᠭᠤᠯᠤᠨ ᠰᠢᠭᠤᠳ ᠳ᠋ᠦᠩᠨᠡᠨ ᠪᠤᠳᠤᠨ᠎ᠠ᠃      ᠬᠤᠶᠠᠷ᠂ ᠬᠡᠮᠵᠢᠶ᠎ᠡ ᠶᠢ ᠨᠦᠬᠦᠪᠦᠷᠢᠯᠡᠨ ᠮᠡᠳᠡᠭᠦᠯᠬᠦ ᠠᠵᠢᠯ ᠢ ᠵᠤᠭᠰᠤᠭᠠᠨ᠎ᠠ      2022 ᠣᠨ ᠳᠤ ᠲᠤᠭ᠎ᠠ ᠬᠡᠮᠵᠢᠶ᠎ᠡ ᠶᠢ ᠨᠥᠬᠦᠪᠥᠷᠢᠯᠡᠨ ᠮᠡᠳᠡᠭᠦᠯᠬᠦ ᠠᠵᠢᠯ ᠢ ᠳᠠᠭᠢᠵᠤ ᠥᠷᠨᠢᠭᠦᠯᠬᠦ ᠥᠬᠡᠶ᠂ ᠡᠮᠴᠢᠯᠡᠭᠡᠨ ᠤ ᠪᠠᠶᠢᠭᠤᠯᠤᠮᠵᠢ ᠨᠢ ᠤᠯᠤᠰ ᠪᠠ ᠮᠤᠵᠢ ᠶᠢᠨ ᠬᠤᠭᠤᠷᠣᠨᠳᠣᠬᠢ ᠬᠤᠯᠪᠤᠭᠠᠨ ᠤ ᠲᠤᠭ᠎ᠠ ᠬᠡᠮᠵᠢᠶ᠎ᠡ ᠲᠠᠢ ᠪᠠᠷ ᠬᠤᠳᠠᠯᠳᠤᠨ ᠠᠪᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠡᠮᠴᠢᠯᠡᠭᠡᠨ ᠤ ᠬᠡᠷᠡᠭᠴᠡᠭᠡ ᠲᠠᠢ ᠤᠶᠠᠯᠳᠤᠭᠤᠯᠤᠨ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠪᠠᠨ ᠵᠦᠶ ᠵᠣᠬᠢᠰᠲᠠᠶ ᠳᠡᠭᠡᠭᠰᠢ ᠮᠡᠳᠡᠭᠦᠯᠬᠦ ᠬᠡᠷᠡᠭᠲᠡᠶ᠃      ᠭᠤᠷᠪᠠ᠂ ᠤᠷᠢᠳᠴᠢᠯᠠᠨ ᠰᠠᠯᠭᠠᠨ ᠥᠭᠬᠦ ᠵᠣᠭᠤᠰ ᠤᠨ ᠳᠣᠲᠣᠷ᠎ᠠ ᠠᠴᠠ ᠬᠤᠳᠠᠯᠳᠤᠨ ᠠᠪᠬᠤ ᠶᠢ ᠨᠠᠶᠢᠳᠠᠪᠦᠷᠢᠵᠢᠭᠤᠯᠤᠨ᠎ᠠ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠪᠠ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠴᠤ ᠳ᠋ᠦᠩᠨᠡᠨ ᠪᠤᠳᠤᠬᠤ ᠲᠤᠬᠠᠶᠢᠯᠠᠭᠰᠠᠨ ᠠᠵᠢᠯ ᠤᠨ ᠲᠦᠷᠢᠮ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠲᠢᠩᠬᠢᠮ ᠤᠨ ᠨᠥᠬᠦᠪᠥᠷᠢ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠠᠯᠪᠠᠨ ᠥᠰᠥᠭ  ﹇2020 ﹈ 61 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠮᠴᠢᠯᠡᠭᠡᠨ ᠤ ᠪᠠᠶᠢᠭᠤᠯᠤᠮᠵᠢ ᠬᠡᠷᠪᠡ ᠭᠡᠷ᠎ᠡ ᠠᠴᠠ ᠳᠠᠪᠠᠭᠤᠯᠤᠨ ᠲᠣᠭᠲᠠᠭᠰᠠᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠦᠨᠡᠨᠬᠦ ᠴᠢᠬᠤᠯᠠ ᠲᠠᠢ ᠪᠣᠯ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠤᠷᠢᠳᠴᠢᠯᠠᠨ ᠥᠭᠬᠦ ᠮᠥᠩᠭᠦ ᠶᠢᠨ ᠲᠤᠭ᠎ᠠ ᠬᠡᠮᠵᠢᠶ᠎ᠡ ᠪᠠᠨ ᠲᠥᠰᠦᠭᠡᠯᠡᠨ ᠪᠤᠳᠤᠵᠤ᠂ ᠡᠯ᠎ᠡ ᠨᠢᠭᠡᠳᠦᠯᠲᠡᠶ ᠲᠥᠯᠥᠪᠯᠡᠬᠦ ᠣᠷᠣᠨ ᠤ ᠡᠮᠨᠡᠯᠭᠡ ᠶᠢᠨ ᠳᠠᠭᠠᠳᠬᠠᠯ ᠤᠨ ᠡᠷᠬᠢᠯᠡᠨ ᠭᠦᠢᠴᠡᠳᠬᠡᠬᠦ ᠪᠠᠶᠢᠭᠤᠯᠤᠮᠵᠢ ᠨᠤᠭᠤᠳ ᠬᠢᠨᠠᠨ ᠬᠠᠷᠭᠤᠭᠤᠯᠤᠭᠰᠠᠨ ᠤ ᠳᠠᠷᠠᠭ᠎ᠠ ᠤᠯᠠᠷᠢᠯ ᠤᠨ ᠪᠠᠷᠠᠭᠠᠨ ᠤ ᠵᠣᠭᠤᠰ ᠯᠤᠭ᠎ᠠ ᠨᠡᠶᠢᠯᠡᠭᠦᠯᠵᠦ ᠰᠠᠯᠭᠠᠨ ᠥᠭᠭᠦᠨ᠎ᠡ᠃      ᠳᠥᠷᠪᠡ᠂ ᠭᠡᠷ᠎ᠡ ᠲᠣᠭᠲᠠᠭᠰᠠᠨ ᠬᠡᠮᠵᠢᠶ᠎ᠡ ᠵᠢᠴᠢ ᠲᠠᠩᠰᠠᠨ ᠳᠡᠪᠲᠡᠷ ᠲᠤ ᠲᠣᠬᠢᠷᠠᠭᠤᠯᠤᠯᠲᠠ ᠬᠢᠨ᠎ᠠ      ︵ᠨᠢᠭᠡ︶ ᠡᠮᠴᠢᠯᠡᠭᠡᠨ ᠤ ᠪᠠᠶᠢᠭᠤᠯᠤᠮᠵᠢ ᠨᠢ ᠪᠠᠶᠢᠭᠤᠯᠤᠮᠵᠢ ᠶᠢ ᠬᠦᠴᠦᠨ ᠥᠬᠡᠶ ᠪᠣᠯᠭᠠᠬᠤ᠂ ᠨᠡᠶᠢᠯᠡᠭᠦᠯᠬᠦ᠂ ᠲᠤᠬᠠᠶᠢᠯᠠᠭᠰᠠᠨ ᠠᠵᠢᠯ ᠤᠨ ᠲᠣᠬᠢᠷᠠᠭᠤᠯᠤᠯᠲᠠ ᠬᠢᠬᠦ ᠪᠤᠶᠤ ᠭᠤᠶᠤᠴᠢᠯᠠᠨ ᠮᠡᠳᠡᠭᠦᠯᠵᠦ ᠲᠣᠭᠲᠠᠭᠰᠠᠨ ᠬᠡᠮᠵᠢᠶ᠎ᠡ ᠶᠢ ᠲᠣᠭᠲᠠᠭᠠᠬᠤ ᠳᠤ ᠢᠯᠡᠷᠬᠡᠶ ᠵᠥᠷᠢᠶ᠎ᠡ ᠲᠠᠢ ᠪᠣᠯᠤᠭᠰᠠᠨ ᠮᠥᠷᠲᠡᠭᠡᠨ ᠡᠵᠡᠨ ᠮᠡᠳᠡᠵᠦ ᠠᠵᠤ ᠠᠬᠤᠶᠢᠯᠠᠯ ᠯᠤᠭ᠎ᠠ ᠵᠥᠪᠳᠡᠯᠴᠡᠭᠡᠳ ᠰᠠᠨᠠᠯ ᠨᠢᠭᠡᠳᠦᠭᠰᠡᠨ ᠵᠡᠷᠭᠡ ᠪᠠᠶᠢᠳᠠᠯ ᠲᠣᠬᠢᠶᠠᠯᠳᠤᠵᠤ᠂ ᠤᠤᠯ ᠤᠨ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠳᠤ ᠦᠨᠡᠨᠬᠦ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ᠂ ᠨᠤᠲᠠᠯᠠᠯᠲᠠ ᠶᠢᠨ ᠪᠢᠴᠢᠭ ᠤᠨ ᠮᠠᠲ᠋ᠧᠷᠢᠶᠠᠯ ᠢᠶᠠᠨ ᠲᠤᠰᠢᠶᠠᠵᠤ ᠠᠶᠢᠮᠠᠭ ᠬᠤᠲᠠ ᠶᠢᠨ ᠡᠮᠴᠢᠯᠡᠭᠡᠨ ᠤ  ᠪᠠᠳᠤᠯᠠᠭ᠎ᠠ ᠶᠢᠨ ᠲᠣᠪᠴᠢᠶ᠎ᠠ ᠳᠤ ᠬᠢᠨᠠᠨ ᠵᠥᠪᠰᠢᠶᠡᠷᠡᠭᠦᠯᠦᠨ᠎ᠡ᠃      ︵ᠬᠤᠶᠠᠷ︶ ᠡᠮᠴᠢᠯᠡᠭᠡᠨ ᠤ ᠪᠠᠶᠢᠭᠤᠯᠤᠮᠵᠢ ᠶᠢᠨ ᠳ᠋ᠦᠩᠨᠡᠨ ᠪᠤᠳᠤᠭᠰᠠᠨ ᠲᠠᠩᠰᠠᠨ ᠳᠡᠪᠲᠡᠷ ᠵᠢᠴᠢ ᠲᠠᠩᠰᠠᠨ ᠳᠡᠪᠲᠡᠷ ᠤᠨ ᠦᠯᠡᠳᠡᠪᠦᠷᠢ ᠲᠤᠭ᠎ᠠ ᠳᠤ ᠲᠣᠬᠢᠷᠠᠭᠤᠯᠤᠯᠲᠠ ᠬᠢᠬᠦ ᠳᠤ ᠬᠤᠯᠪᠣᠭᠳᠠᠭᠰᠠᠨ ᠪᠠᠶᠢᠪᠠᠯ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠬᠢᠭᠡᠳ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠭᠤᠳ ᠳ᠋ᠦᠩᠨᠡᠨ ᠪᠤᠳᠤᠬᠤ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠵᠢᠷᠤᠮᠵᠢᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ  ﹇2021﹈ 118 ᠳ᠋ᠤᠭᠠᠷ ᠲᠣᠭᠠᠲᠤ︶ ᠲᠠᠬᠢ ᠲᠠᠩᠰᠠᠨ ᠳᠡᠪᠲᠡᠷ ᠲᠤ ᠲᠣᠬᠢᠷᠠᠭᠤᠯᠤᠯᠲᠠ ᠬᠢᠬᠦ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠬᠠᠮᠲᠤ ᠳᠤᠨᠢ ᠠᠶᠢᠮᠠᠭ ᠬᠤᠲᠠ ᠶᠢᠨ ᠡᠮᠴᠢᠯᠡᠭᠡᠨ ᠤ  ᠪᠠᠳᠤᠯᠠᠭ᠎ᠠ ᠶᠢᠨ ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃      ︵ᠭᠤᠷᠪᠠ︶ ᠬᠡᠷᠪᠡ ᠤᠤᠯ ᠤᠨ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠶᠢ ᠳᠣᠭᠢᠷᠠᠭᠤᠯᠤᠨ ᠬᠠᠰᠤᠭᠰᠠᠨ ᠮᠥᠷᠲᠡᠭᠡᠨ ᠪᠠᠷᠠᠭᠠᠨ ᠤ ᠵᠣᠭᠤᠰ ᠢ ᠨᠢᠭᠡᠨᠲᠡ ᠤᠷᠢᠳᠴᠢᠯᠠᠨ ᠰᠠᠯᠭᠠᠨ ᠥᠭᠭᠦᠭᠰᠡᠨ ᠪᠠᠶᠢᠪᠠᠯ᠂ ᠵᠠᠷᠴᠢᠮ ᠳᠡᠭᠡᠷ᠎ᠡ ᠪᠠᠨ ᠪᠤᠴᠠᠭᠠᠬᠤ ᠥᠬᠡᠶ᠂ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠥᠭᠬᠦ ᠮᠥᠩᠭᠦ ᠪᠠᠷ ᠦᠵᠡᠵᠦ ᠪᠠᠴᠢᠮ ᠪᠠᠶᠢᠳᠠᠯ ᠢ ᠠᠷᠭᠠᠴᠠᠬᠤ᠂ ᠬᠡᠮᠵᠢᠶ᠎ᠡ ᠠᠴᠠ ᠬᠡᠲᠦᠷᠡᠭᠦᠯᠦᠨ ᠬᠤᠳᠠᠯᠳᠤᠨ ᠠᠪᠬᠤ ᠳᠤ ᠬᠡᠷᠡᠭᠯᠡᠨ᠎ᠡ᠂ ᠦᠨᠡᠨᠬᠦ ᠪᠤᠴᠠᠭᠠᠬᠤ ᠴᠢᠬᠤᠯᠠ ᠲᠠᠢ ᠪᠣᠯ᠂ ᠪᠤᠴᠠᠭᠠᠭᠰᠠᠨ ᠵᠣᠭᠤᠰ ᠢ ᠬᠠᠩᠭᠠᠬᠤ ᠲᠠᠩᠰᠠ ᠨᠡᠭᠡᠭᠡᠭᠰᠡᠨ ᠪᠠᠩᠬᠢ ᠶᠢᠨ ᠨᠡᠷᠡᠶᠢᠳᠦᠯ ᠂ ᠪᠠᠩᠬᠢ ᠶᠢᠨ ᠳ᠋ᠤᠭᠠᠷ᠂ ᠲᠠᠩᠰᠠᠨ ᠡᠷᠦᠬᠡ ᠶᠢᠨ ᠨᠡᠷᠡᠶᠢᠳᠦᠯ᠂ ᠲᠠᠩᠰᠠᠨ ᠡᠷᠦᠬᠡ ᠶᠢᠨ ᠳ᠋ᠤᠭᠠᠷ ᠵᠡᠷᠭᠡ ᠶᠢ ᠬᠤᠷᠢᠶᠠᠨ ᠠᠪᠤᠨ᠎ᠠ᠃      ︵ᠳᠥᠷᠪᠡ︶ ᠠᠶᠢᠮᠠᠭ ᠬᠤᠲᠠ ᠶᠢᠨ ᠡᠮᠴᠢᠯᠡᠭᠡᠨ ᠤ  ᠪᠠᠳᠤᠯᠠᠭ᠎ᠠ ᠶᠢᠨ ᠲᠣᠪᠴᠢᠶ᠎ᠠ ᠨᠢ ᠬᠢᠨᠠᠨ ᠵᠥᠪᠰᠢᠶᠡᠷᠡᠬᠦ ᠶᠢᠨ ᠬᠠᠮᠲᠤ ︽ᠡᠮᠴᠢᠯᠡᠭᠡᠨ ᠤ ᠪᠠᠶᠢᠭᠤᠯᠤᠮᠵᠢ ᠨᠢ ᠤᠯᠤᠰ ᠪᠠ ᠮᠤᠵᠢ ᠶᠢᠨ ᠬᠤᠭᠤᠷᠣᠨᠳᠣᠬᠢ ᠬᠤᠯᠪᠣᠭ᠎ᠠ ᠶᠢᠨ ᠬᠡᠮᠵᠢᠶ᠎ᠡ ᠲᠠᠢ ᠪᠠᠷ ᠡᠮ ᠲᠠᠩ ᠢ ᠬᠤᠳᠠᠯᠳᠤᠨ ᠠᠪᠬᠤ ᠲᠣᠭᠲᠠᠭᠰᠠᠨ ᠬᠡᠮᠵᠢᠶ᠎ᠡ ᠵᠢᠴᠢ ᠲᠠᠩᠰᠠ ᠳᠡᠪᠲᠡᠷ ᠮᠡᠳᠡᠭᠦᠯᠬᠦ ᠮᠠᠲ᠋ᠧᠷᠢᠶᠠᠯ ᠳᠤ ᠲᠣᠬᠢᠷᠠᠭᠤᠯᠤᠯᠲᠠ ᠬᠢᠬᠦ ᠱᠠᠭᠠᠷᠳᠠᠯᠭ᠎ᠠ ᠵᠢᠴᠢ ᠬᠡᠪ ᠵᠠᠭᠪᠤᠷ︾ ︵ᠳᠠᠭᠠᠯᠳᠤᠭᠤᠯᠤᠯ ᠳᠤ ᠦᠵᠡ︶ ᠢ ᠦᠨᠳᠦᠰᠦᠯᠡᠨ OA ᠪᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠲᠤ ᠮᠡᠳᠡᠭᠦᠯᠵᠦ ᠲᠣᠬᠢᠷᠠᠭᠤᠯᠤᠯᠲᠠ ᠬᠢᠬᠦ ᠠᠵᠢᠯ ᠢ  ᠭᠦᠢᠴᠡᠳᠭᠡᠨ᠎ᠡ᠃      ᠳᠠᠭᠠᠯᠳᠤᠭᠤᠯᠤᠯ᠄ ᠡᠮᠴᠢᠯᠡᠭᠡᠨ ᠤ ᠪᠠᠶᠢᠭᠤᠯᠤᠮᠵᠢ ᠨᠤᠭᠤᠳ ᠤᠯᠤᠰ ᠪᠠ ᠮᠤᠵᠢ ᠶᠢᠨ ᠬᠤᠭᠤᠷᠣᠨᠳᠣᠬᠢ ᠬᠤᠯᠪᠣᠭ᠎ᠠ ᠶᠢᠨ ᠡᠮ  ᠲᠠᠩ ᠢ ᠬᠡᠮᠵᠢᠶ᠎ᠡ ᠲᠠᠢ ᠪᠠᠷ ᠬᠤᠳᠠᠯᠳᠤᠨ ᠠᠪᠬᠤ ᠲᠣᠭᠲᠠᠭᠰᠠᠨ ᠬᠡᠮᠵᠢᠶ᠎ᠡ ᠳᠤ ᠲᠤᠬᠢᠷᠠᠭᠤᠯᠤᠯᠳᠠ ᠬᠢᠬᠦ ᠵᠢᠴᠢ ᠲᠠᠩᠰᠠᠨ ᠮᠡᠳᠡᠭᠦᠯᠬᠦ ᠮᠠᠲ᠋ᠧᠷᠢᠶᠠᠯ ᠤᠨ ᠱᠠᠭᠠᠷᠳᠠᠯᠭ᠎ᠠ ᠵᠢᠴᠢ ᠵᠠᠭᠪᠤᠷ           ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2021 ᠣᠨ ᠤ 11 ᠳ᠋ᠦ᠋ᠭᠡᠷ ᠰᠠᠷ᠎ᠠ ᠶᠢᠨ 22 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号