ᠰᠢᠯᠢ ᠶᠢᠨ ᠭᠤᠤᠯ ᠠᠶᠢᠮᠠᠭ᠄ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠪᠣᠳᠠᠲᠤ ᠶᠠᠪᠤᠳᠠᠯ ᠪᠦᠲᠦᠭᠡᠵᠦ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠵᠤ ᠠᠷᠠᠳ ᠤᠨ ᠠᠮᠢᠳᠤᠷᠠᠯ ᠳᠤ ᠠᠰᠢᠭ ᠬᠦᠷᠳᠡᠭᠡᠶ᠎ᠡ
ᠨᠡᠶᠢᠲᠡᠯᠡᠭᠰᠡᠨ ᠴᠠᠭ᠄
2021/11/7
      ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠪᠣᠳᠠᠲᠤ ᠶᠠᠪᠤᠳᠠᠯ ᠪᠦᠲᠦᠭᠡᠵᠦ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠵᠤ ᠠᠷᠠᠳ ᠤᠨ ᠠᠮᠢᠳᠤᠷᠠᠯ ᠳᠤ ᠠᠰᠢᠭ ᠬᠦᠷᠳᠡᠭᠡᠶ᠎ᠡ      — ᠰᠢᠯᠢ ᠶᠢᠨ ᠭᠤᠤᠯ ᠠᠶᠢᠮᠠᠭ ᠤᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠭᠰᠠᠨ ᠠᠵᠢᠯ ᠤᠨ ᠲᠤᠬᠠᠶ ᠪᠣᠳᠠᠲᠤ ᠲᠡᠮᠳᠡᠭᠯᠡᠯ      ᠰᠢᠯᠢ ᠶᠢᠨ ᠭᠤᠤᠯ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠳᠣᠲᠣᠭᠠᠳᠤ ᠳᠠᠭᠠᠨ ᠵᠠᠰᠠᠵᠤ ᠭᠠᠷᠲᠠᠨ  ᠭᠦᠢᠴᠡᠳᠭᠡᠬᠦ᠂ ᠭᠠᠳᠠᠨ᠎ᠠ ᠠᠴᠠ ᠦᠢᠯᠡᠴᠢᠯᠡᠭᠡ ᠪᠠᠨ ᠬᠦᠴᠦᠷᠬᠡᠭᠵᠢᠭᠦᠯᠦᠨ᠂ ᠤᠬᠠᠭᠤᠯᠭ᠎ᠠ ᠶᠢ ᠪᠣᠳᠠᠲᠠᠶᠢᠵᠢᠭᠤᠯᠵᠤ᠂ ᠦᠢᠯᠡᠴᠢᠯᠡᠭᠡ ᠶᠢ ᠰᠢᠯᠢᠳᠡᠭᠵᠢᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠶᠢᠨ ᠳᠤᠷ᠎ᠠ ᠠᠴᠠ ᠪᠠᠨ ᠣᠷᠣᠯᠴᠠᠬᠤ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠦᠨᠳᠦᠰᠦᠨ ᠡᠮᠴᠢᠯᠡᠭᠡᠨ ᠤ ᠳᠠᠭᠠᠳᠬᠠᠯ ᠤᠨ  ᠰᠦᠢᠳᠭᠡᠯ ᠲᠤᠰᠢᠶᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠪᠠ᠃
     ᠲᠠᠶᠢᠫᠦᠰᠧ ᠬᠤᠰᠢᠭᠤ᠂ ᠰᠥᠨᠢᠳ ᠪᠠᠷᠠᠭᠤᠨ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠣᠰ ᠲᠣᠰ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠢ ᠲᠠᠲᠠᠪᠤᠷᠢᠯᠠᠨ ᠲᠤᠰᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠡᠯ᠎ᠡ ᠭᠠᠵᠠᠷ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ ᠬᠤᠷᠠᠯ ᠳᠤ ᠣᠷᠣᠯᠴᠠᠪᠠ᠃ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠵᠤ᠂ ︽ᠵᠠᠰᠠᠭ ᠤᠨ ᠣᠷᠳᠣᠨ ᠵᠣᠬᠢᠶᠠᠨ ᠪᠠᠶᠢᠭᠤᠯᠵᠤ᠂ ᠰᠠᠯᠠᠭ᠎ᠠ ᠮᠥᠴᠢᠷ ᠠᠵᠢᠯ ᠬᠤᠪᠢᠶᠠᠷᠢᠯᠠᠨ᠂ ᠬᠠᠷᠢᠯᠴᠠᠨ ᠬᠠᠮᠵᠢᠯᠴᠠᠵᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠬᠢᠨᠠᠨ ᠰᠢᠯᠭᠠᠬᠤ ᠶᠢ ᠴᠢᠩᠭᠠᠳᠬᠠᠬᠤ︾ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠠᠵᠢᠯ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠪᠠ᠃
     ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡ ᠶᠢ ᠦᠨᠳᠦᠰᠦᠨ ᠱᠠᠲᠤᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠳᠡᠷᠡᠭᠦᠯᠪᠡ
     ᠤᠯᠠᠭᠠᠶ ᠬᠠᠮᠢᠶᠠᠷᠤᠯᠲᠠ ᠶᠢᠨ ᠣᠷᠣᠨ ᠤ ᠬᠠᠯᠠᠭᠠᠶᠢᠲᠤ ᠲᠠᠷᠢᠶᠠᠯᠠᠩ ᠮᠠᠯᠵᠢᠯ ᠤᠨ ᠲᠠᠯᠠᠪᠠᠶ᠂ ᠨᠠᠰᠤᠲᠠᠶᠢᠴᠤᠳ ᠤᠨ ᠬᠥᠮᠦᠨ ᠠᠮᠠ ᠨᠡᠯᠢᠶᠡᠳ ᠲᠥᠪᠯᠡᠷᠡᠭᠰᠡᠨ ᠪᠠᠶᠠᠨᠳᠤᠤᠬᠠᠢ ᠨᠡᠶᠢᠭᠡᠮ ᠲᠣᠭᠤᠷᠢᠭ ᠲᠤ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠥᠷᠲᠡᠭᠡ ᠪᠠᠶᠢᠭᠤᠯᠵᠤ᠂ ᠬᠠᠷᠢᠶᠠᠲᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ᠂ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠵᠢᠯᠣᠭᠤᠳᠬᠤ ᠵᠢᠴᠢ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠬᠦᠯᠢᠶᠡᠨ ᠠᠪᠴᠤ ᠰᠢᠢᠳᠪᠦᠷᠢᠯᠡᠬᠦ ᠪᠠ ᠠᠩᠬ᠎ᠠ ᠬᠢᠨᠠᠬᠤ ᠵᠡᠷᠭᠡ ᠠᠵᠢᠯ ᠢ ᠬᠠᠷᠢᠭᠤᠴᠠᠵᠤ᠂ ᠠᠵᠢᠯᠲᠠᠳ ᠱᠠᠭᠠᠷᠳᠠᠯᠭ᠎ᠠ ᠶᠣᠰᠣᠭᠠᠷ ᠠᠩᠬᠠᠨ ᠤ ᠬᠢᠨᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠮᠡᠳᠡᠭᠦᠯᠬᠦ ᠮᠠᠲ᠋ᠧᠷᠢᠶᠠᠯ ᠢᠶᠠᠨ ᠬᠠᠮᠢᠶᠠᠷᠤᠯᠲᠠ ᠶᠢᠨ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠨᠢᠭᠡᠳᠦᠯᠲᠡᠶ ᠮᠡᠳᠡᠭᠦᠯᠦᠨ ᠬᠦᠷᠭᠡᠵᠦ᠂ ᠳᠠᠬᠢᠨ ᠬᠢᠨᠠᠭᠰᠠᠨ ᠤ ᠳᠠᠷᠠᠭ᠎ᠠ᠂ ᠤᠲᠠᠰᠤ ᠪᠠᠷ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠭᠦᠢᠴᠡᠳᠭᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠨ᠎ᠠ᠂ ᠬᠠᠷᠢᠶᠠᠲᠤ ᠣᠷᠣᠨ ᠤ ᠰᠠᠭᠤᠭᠠᠯᠢ ᠠᠷᠠᠳ ᠬᠡᠷ ᠤᠨ ᠡᠭᠦᠳᠡᠨ ᠳᠡᠭᠡᠨ ᠳᠠᠷᠤᠶ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢ ᠭᠥᠷᠳᠡᠵᠦ᠂ ︽ᠣᠶᠢᠷ᠎ᠠ ᠬᠠᠪᠢ ᠳᠠᠭᠠᠨ ᠭᠦᠢᠴᠡᠳᠭᠡᠬᠦ︾ ︽ᠳᠤᠲᠠᠭᠤ ᠭᠦᠶᠦᠬᠦ︾ ᠶᠢ ᠦᠨᠡᠨ ᠬᠦ ᠪᠡᠶᠡᠯᠠᠭᠦᠯᠪᠠ᠃ ᠰᠢᠯᠤᠭᠤᠨ ᠬᠥᠬᠡ ᠬᠤᠰᠢᠭᠤᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ︽ᠲᠣᠪᠴᠢᠶᠠᠨ ᠳᠠᠷᠤᠭ᠎ᠠ ᠲᠥᠷᠥ ᠶᠢᠨ ᠪᠣᠳᠣᠯᠭ᠎ᠠ ᠶᠢ ᠲᠠᠶᠢᠯᠪᠦᠷᠢᠯᠠᠬᠤ︾ ᠠᠵᠢᠯᠯᠠᠭ᠎ᠠ ᠥᠷᠨᠢᠭᠦᠯᠵᠦ᠂ ᠭᠤᠤᠯ ᠬᠠᠷᠢᠭᠤᠴᠠᠯᠭᠠᠲᠠᠨ ᠨᠥᠬᠦᠳ ᠲᠦᠷᠦᠭᠦᠯᠡᠨ ︽ᠲᠥᠷᠥ ᠶᠢᠨ ᠪᠣᠳᠣᠯᠭ᠎ᠠ ᠶᠢ ᠲᠠᠶᠢᠯᠪᠦᠷᠢᠯᠠᠬᠤ︾ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ᠂ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ᠂ ᠣᠨᠳᠣᠤ ᠭᠠᠵᠠᠷ ᠲᠤ ᠡᠪᠡᠳᠴᠢᠨ ᠦᠵᠡᠭᠦᠯᠬᠦ᠂ ᠤᠳᠠᠭᠠᠨ ᠴᠢᠨᠠᠷᠲᠠᠶ ᠡᠪᠡᠳᠴᠢᠨ ᠢ ᠰᠢᠢᠳᠪᠦᠷᠢᠯᠡᠬᠦ ᠵᠡᠷᠭᠡ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠨᠡᠪᠲᠡᠷᠡᠯᠴᠡᠵᠦ ᠦᠢᠯᠡᠴᠢᠯᠡᠬᠦ ᠲᠠᠯ᠎ᠠ ᠪᠠᠷ ᠵᠠᠶ ᠵᠠᠪᠰᠠᠷ ᠥᠬᠡᠶ ᠪᠠᠶᠢᠬᠤ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号