ᠣᠷᠣᠯᠠᠨ ᠬᠤᠳᠠᠯᠳᠤᠵᠤ ᠠᠪᠬᠤ ᠲᠠᠸᠠᠷ ᠨᠢ ᠠᠶᠤᠯᠳᠠᠢ︕ 5 ᠬᠥᠮᠦᠨ ᠤ ᠮᠣᠩᠭᠤᠯ ᠤᠯᠤᠰ ᠠᠴᠠ ᠤᠷᠤᠯᠠᠨ ᠬᠤᠳᠠᠯᠳᠤᠵᠤ ᠠᠪᠤᠬᠰᠠᠨ ᠬᠡᠰᠡᠭ ᠲᠠᠸᠠᠷ ᠨᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠳᠤ ᠠᠷᠭ᠎ᠠ ᠴᠢᠨᠠᠷ ᠢᠯᠡᠷᠡᠪᠡ
ᠨᠡᠶᠢᠲᠡᠯᠡᠭᠰᠡᠨ ᠴᠠᠭ᠄
2021/11/8
     11 ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠡᠷᠢᠶᠡᠨ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ‌ᠡᠵᠡᠮᠳᠡᠬᠦ ᠲᠥᠪ ᠠᠯᠪᠠᠨ ᠵᠠᠷ ᠨᠡᠶᠢᠲᠡᠯᠡᠪᠡ᠂ ᠠᠭᠤᠯᠭ᠎ᠠ ᠨᠢ ᠳᠤᠤᠷᠠᠬᠢ ᠮᠡᠲᠦ᠄              ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 76 ᠳ᠋ᠤᠭᠠᠷ ᠠᠯᠪᠠᠨ ᠵᠠᠷ ᠢ ᠨᠡᠶᠢᠲᠡᠯᠡᠭᠰᠡᠨ ᠠᠴᠠ ᠨᠠᠰᠢ᠂ 5 ᠬᠤᠲᠠ ᠶᠢᠨ ᠠᠷᠠᠳ ᠤᠷᠢᠳ ᠬᠤᠵᠢᠳ ᠵᠢᠯᠣᠭᠤᠳᠬᠤ ᠭᠠᠵᠠᠷ ᠤᠨ ᠬᠠᠯᠳᠠᠪᠤᠷᠢᠳᠦ ᠲᠠᠬᠤᠯ ᠤᠨ ᠡᠬᠢ ᠡᠭᠦᠰᠦᠯ ᠤᠨ ᠪᠠᠶᠢᠴᠠᠭᠠᠯᠲᠠ ᠵᠢᠨ‌‍ᠲ᠋ᠤᠭᠤᠶᠢᠯᠠᠩ ᠳᠤ ᠲᠣᠰ ᠬᠥᠮᠦᠨ ᠤ ᠮᠣᠩᠭᠤᠯ ᠤᠯᠤᠰ ᠤᠨ ᠣᠷᠣᠯᠠᠨ ᠬᠤᠳᠠᠯᠳᠤᠵᠤ ᠠᠪᠬᠤ ᠲᠠᠸᠠᠷ ᠢ ᠭᠥᠯᠢᠶᠡᠨ ᠠᠪᠤᠭᠰᠠᠨ ᠢᠶᠠᠨ ᠮᠡᠳᠡᠭᠦᠯᠪᠡ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ  ᠬᠢᠭᠰᠡᠨ ᠳᠤ᠂   ᠬᠡᠰᠡᠭ ᠲᠠᠸᠠᠷ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠠᠷᠭ᠎ᠠ ᠴᠢᠨᠠᠷ ᠢᠯᠡᠷᠡᠪᠡ᠃              ᠲᠠ ᠪᠣᠯᠤᠨ ᠬᠡᠷ ᠤᠨ ᠬᠥᠮᠦᠰ ᠤᠨ ᠢᠶᠠᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ  ᠲᠥᠯᠥᠭᠡ᠂  ᠥᠷᠭᠡᠨ ᠣᠯᠠᠨ ᠬᠤᠲᠠ ᠶᠢᠨ ᠠᠷᠠᠳ ᠬᠢᠵᠢᠭ ᠢ ᠰᠡᠷᠭᠡᠶᠢᠯᠡᠨ ᠬᠤᠷᠢᠬᠯᠠᠬᠤ ᠬᠤᠭᠤᠴᠠᠭᠠᠨ ᠳᠤ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ‌ᠦᠨᠳᠦᠷ ᠲᠦᠭᠰᠢᠭᠦᠷᠢᠲᠡᠶ ᠤᠯᠤᠰ ᠠᠴᠠ ᠶᠠᠮᠠᠷᠪᠠ ᠲᠠᠸᠠᠷ ᠢ ᠤᠯᠤᠰ ᠤᠨ ᠳᠣᠲᠣᠭᠠᠳᠤ ᠳᠤ ᠰᠢᠤᠳᠠᠨ ᠢᠶᠠᠷ ᠬᠤᠳᠠᠯᠳᠤᠨ ᠠᠪᠴᠤ ᠪᠣᠯᠬᠤ ᠥᠬᠡᠶ᠃ ᠵᠢᠱᠢᠶᠡᠯᠡᠪᠡᠯ 9 ᠰᠠᠷ᠎ᠠ ᠶᠢᠨ 15 ᠤ ᠡᠳᠦᠷ ᠠᠴᠠ ᠬᠤᠶᠢᠰᠢ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠦᠨᠳᠦᠷ ᠲᠦᠭᠰᠢᠭᠦᠷᠢᠲᠡᠶ ᠤᠯᠤᠰ ᠠᠴᠠ ᠰᠢᠤᠳᠠᠨ ᠢᠶᠠᠷ ᠬᠤᠳᠠᠯᠳᠤᠨ ᠠᠪᠤᠭᠰᠠᠨ ᠲᠠᠸᠠᠷ  ᠴᠢᠨᠢ ᠨᠢᠭᠡᠨᠲᠡ ᠤᠯᠤᠰ ‍ᠤᠨ‌‍ᠲ᠋ᠣᠲᠣᠭᠠᠳᠤ ᠳᠤ ᠤᠷᠤᠵᠤ ᠢᠷᠡᠭᠰᠡᠨ ᠪᠣᠯ᠂ ᠳᠠᠷᠤᠶ ᠲᠦᠷᠭᠡᠨ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠮᠡᠳᠡᠭᠦᠯᠦᠭᠡᠷᠡᠶ︔ ᠬᠡᠷᠪᠡ ᠰᠢᠤᠳᠠᠨ ᠢᠶᠠᠷ ᠬᠤᠳᠠᠯᠳᠤᠨ  ᠠᠪᠤᠬᠰᠠᠨ  ᠲᠠᠸᠠᠷ ᠢ  ᠴᠢᠨᠢ  ᠨᠢᠭᠡᠨᠲᠡ  ᠲᠠᠨ ᠤ  ᠭᠡᠷ ᠲᠤ ᠬᠦᠷᠭᠡᠭᠰᠡᠨ ᠪᠣᠯ᠂ ᠲᠤᠰᠠᠭᠠᠷ ᠨᠢ ᠬᠠᠳᠠᠭᠠᠯᠠᠭᠠᠷᠠᠶ᠂ ᠪᠤᠭᠤᠯᠳᠠ ᠶᠢ ᠵᠠᠳᠠᠯᠵᠤ ᠪᠤᠯᠬᠤ ᠦᠭᠡᠢ᠂ ᠬᠦᠷᠦᠯᠴᠡᠵᠦ ᠪᠣᠯᠬᠤ ᠦᠭᠡᠢ ᠳᠠᠷᠤᠶ ᠲᠦᠷᠭᠡᠨ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠮᠡᠳᠡᠭᠦᠯᠬᠦ ᠶᠢᠨ ᠬᠠᠮᠲᠤ ᠬᠠᠮᠢᠶ᠎ᠠ ᠪᠦᠬᠦᠢ ᠰᠢᠢᠳᠪᠦᠷᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃              ᠡᠷᠢᠶᠡᠨ ᠬᠤᠳᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠷᠢᠯᠴᠠᠬᠤ ᠤᠲᠠᠰᠤ᠄      0479—7539332        
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号