ᠪᠥᠬᠦ ᠣᠷᠣᠨ ᠤ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠦᠶᠡᠯᠡᠯ ᠤᠨ ᠬᠤᠭᠤᠴᠠᠭ᠎ᠠ ᠶᠢ ᠨᠢᠭᠡᠳᠭᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/12/10
      ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠡᠯ᠎ᠡ ᠠᠶᠢᠮᠠᠭ ᠬᠤᠲᠠ᠂ ᠠᠰ ᠲᠠᠭᠠᠨ ᠲᠥᠯᠥᠪᠯᠡᠭᠡ ᠬᠢᠬᠦ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ᠄      ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠳᠡᠭᠡᠷ᠎ᠡ ᠵᠢᠯ ᠤᠨ ᠬᠤᠲᠠ ᠪᠠᠯᠭᠠᠰᠤᠨ ᠤ ᠨᠢᠭᠡᠴᠡ ᠶᠢᠨ ᠠᠵᠢᠯ ᠣᠯᠤᠭᠰᠠᠳ ᠤᠨ ᠳᠤᠮᠳᠠᠴᠢ ᠴᠠᠯᠢᠩ ᠤᠨ ᠴᠠᠭ ᠪᠣᠯᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠦᠶᠡᠯᠡᠯ ᠤᠨ ᠬᠤᠭᠤᠴᠠᠭ᠎ᠠ ᠨᠢᠭᠡᠳᠦᠯ ᠦᠭᠡᠶ ᠪᠠᠶᠢᠬᠤ ᠠᠰᠠᠭᠤᠳᠠᠯ ᠠᠴᠠ ᠪᠤᠯᠵᠦ᠂ ᠳᠠᠭᠠᠳᠬᠠᠯ ᠳᠤ ᠣᠷᠣᠭᠰᠠᠳ ᠰᠦᠢᠳᠭᠡᠯ ᠲᠤᠰᠢᠶᠠᠭᠰᠠᠨ ᠥᠬᠡᠶ ᠪᠠᠷ ᠤᠷᠢᠳᠠᠪᠠᠷ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠭᠥᠷᠳᠡᠬᠦ᠂ ᠨᠢᠭᠡᠨᠲᠡ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠭᠥᠷᠳᠡᠭᠰᠡᠨ ᠥᠭᠦᠭᠰᠡᠨ ᠬᠥᠮᠦᠰ ᠤᠨ ᠥᠷᠢᠲᠦᠭᠰᠡᠨ ᠵᠠᠷᠤᠳᠠᠯ ᠢ ᠨᠡᠬᠡᠮᠵᠢᠯᠡᠨ ᠲᠤᠰᠢᠶᠠᠯᠭᠠᠬᠤ ᠶᠢᠨ ᠠᠷᠭ᠎ᠠ ᠥᠬᠡᠶ ᠵᠡᠷᠭᠡ ᠠᠰᠠᠭᠤᠳᠠᠯ ᠢ ᠰᠤᠳᠤᠯᠬᠤ ᠪᠠᠷ ᠳᠡᠮᠵᠢᠨ᠂ ᠪᠥᠬᠦ ᠣᠷᠣᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠦᠶᠡᠯᠡᠯ ᠤᠨ ᠬᠤᠭᠤᠴᠠᠭ᠎ᠠ ᠳᠤ ᠨᠢᠭᠡᠳᠦᠯᠲᠡᠶ ᠲᠣᠬᠢᠷᠠᠭᠤᠯᠤᠯᠲᠠ ᠬᠢᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠪᠥᠬᠦ ᠣᠷᠣᠨ ᠤ ᠳᠠᠭᠠᠳᠬᠠᠯ ᠳᠤ ᠣᠷᠣᠯᠴᠠᠭᠰᠠᠨ ᠨᠢᠭᠡᠴᠡ ᠵᠢᠴᠢ ᠲᠡᠭᠦᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠤᠨ ᠰᠦᠢᠳᠭᠡᠯ ᠲᠤᠰᠢᠶᠠᠬᠤ      ︵ᠨᠢᠭᠡ︶ ᠬᠡᠪᠴᠢᠶ᠎ᠡ      ᠪᠥᠬᠦ ᠣᠷᠣᠨ ᠤ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠢᠭᠡᠴᠡ ᠵᠢᠴᠢ ᠠᠵᠢᠯᠲᠠᠨ ᠠᠵᠢᠯᠴᠢᠨ᠃      ︵ᠬᠤᠶᠠᠷ︶ ᠰᠦᠢᠳᠭᠡᠯ ᠲᠤᠰᠢᠶᠠᠬᠤ ᠦᠶᠡᠯᠡᠯ ᠵᠢᠴᠢ ᠰᠠᠭᠤᠷᠢ ᠲᠤᠭ᠎ᠠ      1᠂ ᠰᠦᠢᠳᠭᠡᠯ ᠲᠤᠰᠢᠶᠠᠬᠤ ᠦᠶᠡᠯᠡᠯ ᠤᠨ ᠬᠤᠭᠤᠴᠠᠭ᠎ᠠ᠃ 2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠪᠥᠬᠦ ᠣᠷᠣᠨ ᠤ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠭᠡᠯ ᠤᠨ ᠰᠦᠢᠳᠭᠡᠯ ᠲᠤᠰᠢᠶᠠᠬᠤ ᠣᠨ ᠢ ᠲᠤᠬᠠᠶᠢᠯᠠᠭᠰᠠᠨ ᠠᠵᠢᠯ ᠤᠨ ᠣᠨ ᠢᠶᠠᠷ ᠬᠡᠷᠡᠭᠵᠢᠭᠦᠯᠦᠨ᠎ᠡ᠂ ᠲᠤᠬᠠᠶᠢᠯᠠᠪᠠᠯ ᠵᠢᠯ ᠪᠦᠷᠢ ᠶᠢᠨ 7 ᠳ᠋ᠤᠭᠠᠷ ᠰᠠᠷ᠎ᠠ ᠶᠢᠨ 1 ᠤ ᠡᠳᠦᠷ ᠠᠴᠠ ᠳᠠᠷᠠᠭ᠎ᠠ ᠵᠢᠯ ᠤᠨ 6 ᠳ᠋ᠤᠭᠠᠷ ᠰᠠᠷ᠎ᠠ ᠶᠢᠨ 30 ᠤ ᠡᠳᠦᠷ᠂ ᠲᠣᠬᠢᠷᠠᠭᠤᠯᠤᠯᠲᠠ ᠬᠢᠬᠦ ᠰᠢᠯᠵᠢᠯᠲᠡ ᠶᠢᠨ ᠬᠤᠭᠤᠴᠠᠭ᠎ᠠ ᠨᠢ ᠬᠠᠭᠠᠰ ᠵᠢᠯ᠂ ᠲᠤᠬᠠᠶᠢᠯᠠᠪᠠᠯ 2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2022 ᠣᠨ ᠤ 6 ᠰᠠᠷ᠎ᠠ ᠶᠢᠨ 30 ᠤ ᠡᠳᠦᠷ ᠪᠤᠯᠳᠠᠯ᠎ᠠ᠃      2᠂ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠲᠣᠭᠲᠠᠭᠠᠬᠤ᠃ ᠳᠠᠭᠠᠳᠬᠠᠯ ᠳᠤ ᠣᠷᠣᠯᠴᠠᠭᠰᠠᠨ ᠨᠢᠭᠡᠴᠡ ᠨᠢ ᠳᠡᠭᠡᠷ᠎ᠡ ᠵᠢᠯ ︵ᠲᠤᠬᠠᠶᠢᠯᠠᠭᠰᠠᠨ ᠠᠵᠢᠯ ᠤᠨ ᠣᠨ︶ ᠤᠨ ᠰᠠᠷ᠎ᠠ ᠶᠢᠨ ᠳᠤᠮᠳᠠᠴᠢ ᠴᠠᠯᠢᠩ ᠢᠶᠠᠷ ᠪᠠᠷᠢᠮᠵᠢᠶ᠎ᠠ ᠪᠣᠯᠭᠠᠨ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠵᠤ᠂ ᠳᠡᠭᠡᠷ᠎ᠡ ᠵᠢᠯ ᠤᠨ ᠪᠥᠬᠦ ᠣᠷᠣᠨ ᠤ ᠪᠥᠬᠦ ᠰᠢᠰᠲ᠋ᠧᠮ ᠤᠨ ᠬᠤᠲᠠ ᠪᠠᠯᠭᠠᠰᠤ ᠶᠢᠨ ᠨᠢᠭᠡᠴᠡ ᠶᠢᠨ ᠠᠵᠢᠯ ᠣᠯᠤᠭᠰᠠᠳ ᠤᠨ ᠳᠤᠮᠳᠠᠴᠢ ᠴᠠᠯᠢᠩ ᠤᠨ ᠪᠠᠷᠢᠮᠵᠢᠶ᠎ᠠ ᠪᠠᠷ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢᠨ ᠳᠡᠭᠡᠳᠦ ᠳᠣᠤᠷᠠᠳᠤ ᠬᠢᠵᠠᠭᠠᠷ ᠢ ᠲᠣᠭᠲᠠᠭᠠᠨ᠎ᠠ᠃ ᠰᠢᠯᠵᠢᠯᠲᠡ ᠶᠢᠨ ᠬᠤᠭᠤᠴᠠᠭᠠᠨ ᠳᠤ ᠳᠡᠭᠡᠷ᠎ᠡ ᠵᠢᠯ ᠤᠨ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠤᠷᠲᠤᠳᠬᠠᠨ ᠬᠡᠷᠡᠭᠵᠢᠭᠦᠯᠦᠨ᠎ᠡ᠃      3᠂ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ᠂ ᠠᠯᠪᠠᠲᠠᠨ ᠤ ᠡᠮ ᠡᠮᠨᠡᠯᠭᠡ ᠶᠢᠨ ᠨᠥᠬᠦᠪᠥᠷᠢ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠵᠡᠷᠭᠡ ᠳᠠᠭᠠᠳᠬᠠᠯ ᠤᠨ ᠲᠥᠷᠥᠯ ᠤᠨ ᠰᠦᠢᠳᠭᠡᠯ ᠲᠤᠰᠢᠶᠠᠬᠤ ᠣᠨ ᠳᠤ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃      ᠬᠤᠶᠠᠷ᠂ ᠪᠥᠬᠦ ᠣᠷᠣᠨ ᠤ ᠠᠮᠢᠳᠤᠯᠢᠭ ᠢᠶᠠᠷ ᠠᠵᠢᠯ ᠣᠯᠤᠭᠰᠠᠳ ᠤᠨ ᠡᠮᠴᠢᠯᠡᠭᠡᠨ ᠤ ᠳᠠᠭᠠᠳᠬᠠᠯ ᠤᠨ ᠰᠦᠢᠳᠭᠡᠯ ᠲᠤᠰᠢᠶᠠᠬᠤ ᠦᠶᠡᠯᠡᠯ      2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠪᠥᠬᠦ ᠣᠷᠣᠨ ᠤ ᠠᠮᠢᠳᠤᠯᠢᠭ ᠢᠶᠠᠷ ᠠᠵᠢᠯ ᠣᠯᠤᠭᠰᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠦᠶᠡᠯᠡᠯ ᠤᠨ ᠬᠤᠭᠤᠴᠠᠭ᠎ᠠ ᠶᠢ ᠲᠤᠬᠠᠶᠢᠯᠠᠭᠰᠠᠨ ᠠᠵᠢᠯ ᠤᠨ ᠣᠨ ᠢᠶᠠᠷ ᠰᠦᠢᠳᠭᠡᠯ ᠲᠤᠰᠢᠶᠠᠬᠤ ᠪᠣᠯᠭᠠᠨ ᠨᠢᠭᠡᠳᠦᠯᠲᠡᠶ ᠳᠣᠭᠢᠷᠠᠭᠤᠯᠪᠠ᠂ ᠲᠤᠬᠠᠶᠢᠯᠠᠪᠠᠯ ᠲᠣᠰ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠠᠴᠠ ᠳᠠᠷᠠᠭ᠎ᠠ ᠵᠢᠯ ᠤᠨ 6  ᠳ᠋ᠤᠭᠠᠷ ᠰᠠᠷ᠎ᠠ ᠶᠢᠨ 30 ᠤ ᠡᠳᠦᠷ ᠪᠤᠯᠳᠠᠯ᠎ᠠ᠃      2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯᠠᠬᠢ ᠬᠤᠭᠤᠴᠠᠭ᠎ᠠ ᠪᠣᠯ ᠰᠢᠯᠵᠢᠯᠲᠡ ᠶᠢᠨ ᠬᠤᠭᠤᠴᠠᠭ᠎ᠠ ᠪᠣᠯᠤᠨ᠎ᠠ᠂ ᠠᠮᠢᠳᠤᠯᠢᠭ ᠢᠶᠠᠷ ᠠᠵᠢᠯ ᠣᠯᠤᠭᠰᠠᠳ ᠤᠨ ᠰᠦᠢᠳᠭᠡᠯ ᠲᠤᠰᠢᠶᠠᠬᠤ ᠰᠠᠭᠤᠷᠢ ᠲᠤᠭ᠎ᠠ ᠳᠤ ᠲᠦᠷᠦᠭᠦᠤ ᠵᠢᠯ ᠤᠨ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢᠨ ᠡᠮᠴᠢᠯᠡᠭᠡᠨ ᠤ ᠳᠠᠭᠠᠳᠬᠠᠯ ᠤᠨ ᠭᠠᠷᠲᠠᠨ  ᠭᠦᠢᠴᠡᠳᠭᠡᠬᠦ ᠪᠠᠶᠢᠭᠤᠯᠤᠮᠵᠢ ᠨᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠬᠢᠨᠠᠨ ᠲᠣᠭᠲᠠᠭᠠᠭᠰᠠᠨ ᠮᠡᠳᠡᠭᠡ ᠵᠠᠩᠭᠢ ᠶᠢ ᠬᠦᠷᠭᠡᠬᠦ ᠦᠶ᠎ᠡ ᠳᠤ᠂ ᠡᠯᠰᠡᠨ ᠴᠤᠭᠯᠠᠭᠤᠯᠬᠤ ᠬᠦᠴᠦᠨ ᠲᠠᠢ ᠬᠤᠭᠤᠴᠠᠭ᠎ᠠ ᠶᠢ ᠨᠡᠮᠡᠭᠳᠡᠭᠦᠯᠬᠦ ᠬᠡᠷᠡᠭᠲᠡᠶ᠃ ᠰᠢᠯᠵᠢᠯᠲᠡ ᠶᠢᠨ ᠬᠤᠭᠤᠴᠠᠭᠠᠨ ᠳᠤ ᠰᠦᠢᠳᠭᠡᠯ ᠲᠤᠰᠢᠶᠠᠭᠰᠠᠨ ᠥᠬᠡᠶ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠲᠦᠷᠢᠮ︾ ᠵᠢᠴᠢ ᠬᠠᠷᠢᠶ᠎ᠠ ᠭᠠᠵᠠᠷ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ      ᠤᠯᠤᠰ ᠤᠨ ᠭᠠᠶᠢᠯᠢ ᠶᠢᠨ ᠶᠠᠷᠦᠩᠬᠡᠢ ᠲᠤᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠲᠤᠪᠴᠢᠶ᠎ᠠ      2021 ᠣᠨ ᠤ 12 ᠳ᠋ᠤᠭᠠᠷ ᠰᠠᠷ᠎ᠠ ᠶᠢᠨ 3 ᠤ ᠡᠳᠦᠷ    ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号