ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢᠨ ᠬᠥᠳᠡᠯᠦᠩᠭᠦᠶ ᠲᠣᠬᠢᠷᠠᠭᠤᠯᠤᠯᠲᠠ ᠬᠢᠬᠦ ᠨᠤᠲᠠᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/14
      12 ᠳ᠋ᠤᠭᠠᠷ ᠰᠠᠷ᠎ᠠ ᠶᠢᠨ 9 ᠤ ᠡᠳᠦᠷ᠂ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠤᠯᠪᠣᠭᠠᠯᠠᠨ ᠰᠢᠯᠢ ᠶᠢᠨ ᠭᠤᠤᠯ ᠠᠶᠢᠮᠠᠭ ᠤᠨ ᠡᠮᠴᠢᠯᠡᠭᠡᠨ ᠤ ᠦᠢᠯᠡᠴᠢᠯᠡᠭᠡᠨ ᠤ ᠲᠥᠷᠥᠯ  ᠵᠦᠢᠯ ᠤᠨ ᠦᠨ᠎ᠡ ᠬᠠᠩᠰᠢ ᠶᠢᠨ ᠬᠥᠳᠡᠯᠦᠩᠭᠦᠶ ᠲᠣᠬᠢᠷᠠᠭᠤᠯᠤᠯᠲᠠ ᠬᠢᠬᠦ ᠨᠤᠲᠠᠯᠠᠯᠲᠠ ᠶᠢᠨ ᠬᠤᠷᠠᠯ ᠬᠤᠷᠠᠯᠳᠤᠭᠤᠯᠪᠠ᠃      ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠢᠦᠶ ᠬᠤᠸᠠ ᠨᠥᠬᠦᠷ ᠨᠤᠲᠠᠯᠠᠯᠲᠠ ᠶᠢᠨ ᠬᠤᠷᠠᠯ ᠢ ᠡᠷᠭᠢᠯᠡᠭᠰᠡᠨ ᠪᠥᠭᠡᠳ ᠮᠠᠨ ᠤ ᠠᠶᠢᠮᠠᠭ ᠤᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠪᠠ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠪᠠᠶᠢᠳᠠᠯ ᠢ ᠲᠠᠨᠢᠯᠴᠠᠭᠤᠯᠵᠤ᠂ ᠲᠣᠰ ᠤᠳᠠᠭᠠᠨ ᠤ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢᠨ ᠲᠣᠬᠢᠷᠠᠭᠤᠯᠤᠯᠲᠠ ᠳᠤ ᠵᠢᠷᠤᠮᠯᠠᠬᠤ ᠵᠠᠷᠴᠢᠮ᠂ ᠲᠠᠰ ᠳᠠᠷᠠᠭᠠᠯᠠᠯ ᠪᠠ ᠱᠠᠭᠠᠷᠳᠠᠯᠭ᠎ᠠ ᠳᠤ ᠲᠣᠳᠣᠷᠬᠠᠶᠢᠯᠠᠯᠲᠠ ᠬᠢᠪᠠ᠃ ᠨᠤᠲᠠᠯᠠᠯᠲᠠ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠳᠤ ᠠᠵᠢᠯ ᠤᠨ ᠱᠠᠭᠠᠷᠳᠠᠯᠭ᠎ᠠ ᠳᠤᠷᠠᠳᠴᠤ᠂ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠢ ᠦᠨᠡᠨ ᠪᠣᠳᠠᠲᠠᠶ᠂ ᠪᠤᠰᠤᠳᠴᠢ᠂ ᠰᠢᠨᠵᠢᠯᠡᠬᠦ ᠤᠬᠠᠭᠠᠨᠴᠢ᠂ ᠢᠷᠡᠭᠡᠳᠦᠶ ᠲᠠᠢ ᠪᠠᠶᠢᠬᠤ ᠵᠠᠷᠴᠢᠮ ᠢ ᠵᠢᠷᠤᠮᠯᠠᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠳᠠᠭᠠᠭᠠᠬᠤ ᠴᠢᠳᠠᠪᠤᠷᠢ᠂ ᠡᠪᠡᠳᠴᠢᠲᠡᠨ ᠤ ᠡᠮ ᠡᠮᠨᠡᠯᠭᠡ ᠶᠢᠨ ᠵᠠᠷᠤᠳᠠᠯ ᠤᠨ ᠡᠭᠦᠷᠭᠡᠯᠡᠯ᠂ ᠡᠮᠨᠡᠯᠭᠡ ᠶᠢᠨ ᠠᠵᠢᠯᠲᠠᠨ ᠤ ᠮᠡᠷᠭᠡᠵᠢᠯ ᠬᠥᠳᠡᠯᠮᠦᠷᠢ ᠦᠢᠯᠡᠴᠢᠯᠡᠭᠡᠨ ᠤ ᠦᠨ᠎ᠡ ᠥᠷᠲᠡᠭ ᠵᠡᠷᠭᠡ ᠬᠦᠴᠦᠨ ᠵᠦᠢᠯ ᠢ ᠬᠠᠮᠲᠤ ᠳᠤᠨᠢ ᠬᠠᠷᠠᠭᠠᠯᠵᠠᠭᠰᠠᠨ ᠤᠷᠢᠲᠠᠯ ᠳᠣᠤᠷ᠎ᠠ ᠨᠤᠲᠠᠯᠠᠯᠲᠠ ᠬᠢᠬᠦ ᠶᠢᠨ ᠬᠠᠮᠲᠤ ᠬᠢᠨᠠᠨ ᠲᠣᠭᠲᠠᠭᠠᠬᠤ ᠰᠠᠨᠠᠯ ᠭᠠᠷᠭᠠᠬᠤ ᠬᠡᠷᠡᠭᠲᠡᠶ ᠭᠡᠵᠦ ᠱᠠᠭᠠᠷᠳᠠᠪᠠ᠃      7 ᠨᠤᠲᠠᠯᠠᠯᠲᠠ ᠶᠢᠨ ᠲᠤᠰᠬᠠᠶ ᠮᠡᠷᠭᠡᠵᠢᠯᠲᠡᠨ ᠲᠥᠷᠥᠯ ᠵᠦᠢᠯ ᠤᠨ ᠦᠨ᠎ᠡ ᠬᠠᠩᠰᠢ ᠶᠢᠨ ᠲᠣᠬᠢᠷᠠᠭᠤᠯᠤᠯᠲᠠ ᠨᠢ ᠬᠠᠮᠢᠶ᠎ᠠ ᠪᠥᠬᠦᠶ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠬᠦ ᠡᠰᠡᠬᠦ᠂ ᠲᠣᠬᠢᠷᠠᠭᠤᠯᠤᠯᠲᠠ ᠬᠢᠬᠦ ᠲᠥᠷᠥᠯ ᠵᠦᠢᠯ ᠨᠢ ᠡᠮᠴᠢᠯᠡᠭᠡᠨ ᠤ ᠪᠣᠳᠠᠲᠤ ᠬᠡᠷᠡᠭᠴᠡᠭᠡ ᠲᠠᠢ ᠨᠡᠶᠢᠴᠡᠬᠦ ᠡᠰᠡᠬᠦ ᠳᠤ ᠴᠢᠭᠯᠡᠭᠦᠯᠦᠨ᠂ ᠡᠮᠴᠢᠯᠡᠭᠡᠨ ᠤ ᠡᠮᠴᠢᠯᠡᠭᠡ᠂ ᠥᠪᠡᠷ ᠤᠨ ᠥᠷᠲᠡᠭ ᠤᠨ ᠲᠥᠰᠦᠭᠡᠯᠡᠨ ᠪᠤᠳᠤᠯᠲᠠ ᠵᠡᠷᠭᠡ ᠪᠠᠶᠢᠳᠠᠯ ᠲᠠᠢ ᠤᠶᠠᠯᠳᠤᠭᠤᠯᠤᠨ᠂ ᠭᠤᠷᠪᠠᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠳᠤ ᠪᠣᠳᠠᠲᠠᠶ ᠪᠢᠴᠢᠭ ᠤᠨ ᠨᠤᠲᠠᠯᠠᠯᠲᠠ ᠶᠢᠨ ᠰᠠᠨᠠᠯ ᠳᠤᠷᠠᠳᠪᠠ᠃
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号