ᠴᠠᠭᠠᠨ ᠰᠠᠷ᠎ᠠ ᠳᠤ ᠭᠡᠷ ᠲᠡᠭᠡᠨ ᠬᠠᠷᠢᠵᠤ ᠲᠡᠶᠢᠯᠬᠦ ᠪᠤᠯ ᠦᠦ︖ ᠤᠯᠠᠨ ᠭᠠᠵᠠᠷ ᠤᠨ ᠬᠢᠨ ᠮᠡᠳᠡᠭᠳᠡᠯ ᠪᠠᠭᠤᠯᠭᠠᠪᠠ︕
ᠨᠡᠶᠢᠲᠡᠯᠡᠭᠰᠡᠨ ᠴᠠᠭ᠄
2021/12/16
      ᠣᠶᠢᠷ᠎ᠠ ᠳᠤ᠂ ᠰᠢᠨ᠎ᠡ ᠵᠢᠯ᠂ ᠴᠠᠭᠠᠨ ᠰᠠᠷ᠎ᠠ ᠶᠢᠨ ︽ᠬᠤᠤᠰ ᠪᠠᠶᠠᠷ︾ ᠲᠦᠬᠦᠭᠡᠳ ᠢᠷᠡᠬᠦᠯᠡᠷ᠂  ᠤᠯᠤᠰ ᠤᠨ ᠳᠣᠲᠣᠭᠠᠳᠤ ᠶᠢᠨ ᠣᠯᠠᠨ ᠭᠠᠵᠠᠷ ᠲᠤ ᠲᠠᠷᠠᠬᠠᠶ ᠪᠤᠳᠠᠷᠬᠠᠢ ᠡᠪᠡᠳᠴᠢᠳᠡᠨ ᠭᠠᠷᠴᠤ ᠪᠤᠢ᠃ ᠬᠢᠵᠢᠭ ᠤᠨ ᠪᠠᠶᠢᠳᠠᠯ ᠤᠨ ᠲᠠᠭᠠᠤ᠂ ︽ᠴᠠᠭᠠᠨ ᠰᠠᠷ᠎ᠠ ᠳᠤ ᠭᠡᠷ ᠲᠡᠭᠡᠨ ᠬᠠᠷᠢᠵᠤ ᠳᠡᠶᠢᠯᠬᠦ ᠡᠰᠡᠬᠦ︾ ᠶᠢᠨ ᠲᠤᠬᠠᠢ ᠬᠥᠮᠦᠰ ᠴᠤ ᠠᠩᠬᠠᠷᠤᠯ   ᠢᠶᠠᠨ ᠲᠠᠯᠪᠢᠬᠰᠠᠭᠠᠷ ᠪᠠᠶᠢᠨ᠎ᠠ᠃ ᠳᠤᠮᠳᠠᠳᠤ  ᠤᠯᠤᠰ ᠤᠨ  ᠰᠤᠨᠢᠨ  ᠮᠡᠳᠡᠭᠡᠨ   ᠤ  ᠰᠦᠯᠵᠢᠶ᠎ᠡ   ᠶᠢᠨ  ᠬᠢᠭᠰᠡᠨ  ᠪᠦᠷᠢᠨ  ᠪᠤᠰᠤ  ᠡᠮᠬᠢᠳᠭᠡᠯ   ᠢ ᠦᠨᠳᠦᠰᠦᠯᠡᠪᠡᠯ᠂ 12 ᠰᠠᠷ᠎ᠠ ᠳᠤ ᠤᠷᠤᠭᠰᠠᠨ ᠤ ᠳᠠᠷᠠᠭ᠎ᠠ᠂ ᠡᠯ᠎ᠡ ᠭᠠᠵᠠᠷ ᠤᠨ ᠬᠢᠨ ᠲᠤᠬᠠᠶ ᠶᠢᠨ ᠭᠠᠵᠠᠷ ᠲᠠᠭᠠᠨ ᠰᠢᠨᠡᠯᠡᠬᠦ ᠶᠢ ᠰᠠᠨᠠᠭᠠᠴᠢᠯᠠᠭᠰᠠᠨ᠂  ᠴᠢᠬᠤᠯᠠᠴᠢᠯᠠᠭ᠎ᠠ ᠦᠭᠡᠢ ᠪᠤᠯ ᠭᠠᠳᠠᠬᠰᠢ ᠭᠠᠷᠬᠤ ᠦᠭᠡᠢ ᠪᠠᠶᠢᠬᠤ ᠬᠡᠷᠡᠭᠲᠡᠶ ᠭᠡᠰᠡᠨ ᠮᠡᠳᠡᠭᠳᠡᠯ ᠢ ᠵᠠᠯᠭᠠᠭ᠎ᠠ ᠪᠠᠷ ᠨᠡᠶᠢᠲᠡᠯᠡᠵᠦ ᠪᠠᠶᠢᠨ᠎ᠠ᠃              ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠰᠢᠨ᠎ᠡ ᠵᠢᠯ ᠴᠠᠭᠠᠨ ᠰᠠᠷ᠎ᠠ ᠤᠶᠢᠷᠠᠳᠬᠤ ᠳᠤ ᠂ ᠬᠢᠵᠢᠭ ᠳᠡᠯᠭᠡᠷᠡᠬᠦ ᠠᠶᠤᠯ ᠲᠦᠭᠰᠢᠭᠦᠷᠢ ᠨᠡᠯᠢᠶᠡᠳ ᠶᠡᠭᠡ ᠤᠷᠤᠰᠢᠵᠦ ᠪᠠᠶᠢᠨ᠎ᠠ ᠭᠡᠪᠡ              12 ᠰᠠᠷ᠎ᠠ ᠶᠢᠨ 11 ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠳᠡᠳ᠋ ᠳᠠᠷᠤᠭ᠎ᠠ ᠦ᠋ ᠯᠢᠶᠠᠩ ᠶᠢᠦ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠬᠦ ᠳᠡᠭᠡᠨ᠄ ᠣᠳᠣᠬᠠᠨ ᠳᠤ ᠪᠥᠬᠦ ᠪᠥᠮᠪᠥᠷᠴᠡᠭ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠮᠥᠨ ᠬᠦ ᠶᠡᠬᠡᠪᠡᠷ ᠳᠡᠯᠭᠡᠷᠡᠵᠦ᠂ᠸᠢᠷᠦ᠋ᠰ ᠲᠠᠰᠤᠷᠠᠯᠲᠠ ᠥᠬᠡᠶ ᠬᠤᠪᠢᠷᠠᠵᠤ᠂ ᠮᠠᠨ ᠤ ᠤᠯᠤᠰ ᠲᠤ ᠬᠢᠯᠢ ᠶᠢᠨ ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠠᠶᠤᠯ ᠲᠦᠭᠰᠢᠭᠦᠷᠢ ᠦᠷᠭᠦᠯᠵᠢᠯᠡᠨ ᠣᠷᠣᠰᠢᠵᠤ ᠪᠠᠶᠢᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ︾ ᠶᠢ ᠰᠠᠶᠢᠳᠤᠷ ᠰᠡᠷᠭᠡᠶᠢᠯᠡᠪᠡᠯ ᠰᠠᠶ᠋ᠢ ᠳᠣᠲᠣᠭᠠᠳᠤ ᠳᠤ ᠲᠠᠬᠢᠨ ᠲᠠᠷᠬᠠᠨ ᠲᠡᠯᠭᠡᠷᠡᠬᠦ ᠶᠠᠪᠤᠳᠠᠯ ᠭᠠᠷᠬᠤ ᠦᠭᠡᠢ ᠶᠤᠮ᠃ ᠰᠢᠨ᠎ᠡ ᠵᠢᠯ᠂ ᠴᠠᠭᠠᠨ ᠰᠠᠷ᠎ᠠ ᠤᠶᠢᠷᠠᠳᠬᠤ ᠳᠤ᠂ ᠬᠢᠵᠢᠭ ᠳᠡᠯᠭᠡᠷᠡᠬᠦ ᠠᠶᠤᠯ ᠲᠦᠭᠰᠢᠭᠦᠷᠢ ᠨᠡᠯᠢᠶᠡᠳ ᠶᠡᠭᠡ ᠤᠷᠤᠰᠢᠵᠦ ᠪᠠᠶᠢᠨ᠎ᠠ᠃ ᠪᠢᠳᠡ ᠬᠢᠵᠢᠭ ᠢ ᠰᠡᠷᠭᠡᠶᠢᠯᠡᠬᠦ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠨᠡᠩ ᠶᠡᠭᠡ ᠬᠦᠴᠦ ᠣᠷᠣᠭᠤᠯᠵᠤ ᠂ ᠬᠢᠵᠢᠭ ᠢ ᠨᠢᠭᠡ ᠶᠢ ᠤᠯᠵᠤ ᠢᠯᠡᠷᠡᠭᠦᠯᠪᠡᠯ᠂ ᠨᠢᠭᠡ ᠶᠢ ᠨᠢ ᠲᠦᠢᠯᠪᠤᠷᠢᠲᠠᠢ ᠤᠰᠠᠳᠬᠠᠵᠤ᠂ ᠨᠡᠶᠢᠳᠡ  ᠤᠯᠠᠨ   ᠤ ᠡᠷᠡᠭᠦᠯ ᠡᠩᠬᠡ᠂ ᠠᠮᠤᠷ ᠠᠮᠤᠭᠤᠯᠠᠩ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠬᠡᠪᠡ᠃              ᠰᠢᠨ᠎ᠡ ᠵᠢᠩᠪᠤᠤ ᠰᠣᠨᠢᠨ ᠤ ᠮᠡᠳᠡᠭᠡ ᠶᠢ ᠦᠨᠳᠦᠰᠦᠯᠡᠪᠡᠯ᠂ 12 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠭᠡᠳᠦ ᠲᠠᠰ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠬᠦᠨ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠠᠬᠤᠯ ᠡᠪᠡᠳᠴᠢᠨ ᠤ ᠰᠤᠳᠤᠯᠤᠯ ᠤᠨ ᠲᠥᠪ ᠤᠨ ᠲᠦᠷᠦᠭᠦᠦ ᠰᠢᠨᠵᠢᠯᠡᠬᠦ ᠤᠬᠠᠭᠠᠨᠲᠠᠨ ᠽᠧᠡᠭ ᠭᠤᠧᠠᠩ ᠶᠠᠷᠢᠶᠠᠨ ᠤ ᠲᠠᠪᠴᠠᠩ ᠳᠤ ᠣᠷᠣᠯᠴᠠᠬᠤ ᠳᠠᠭᠠᠨ᠄ ᠰᠢᠨ᠎ᠡ ᠵᠢᠯ ᠤᠶᠢᠷᠠᠳᠴᠤ ᠪᠠᠶᠢᠭ᠎ᠠ ᠪᠣᠯᠬᠤᠷ ᠥᠷᠭᠡᠨ ᠣᠯᠠᠨ ᠰᠦᠯᠵᠢᠶᠡᠴᠢᠳ ᠡᠨᠡ ᠵᠢᠯ ᠤᠨ ᠴᠠᠭᠠᠨ ᠰᠠᠷ᠎ᠠ ᠳᠤ ᠬᠡᠷ ᠲᠡᠭᠡᠨ ᠬᠠᠷᠢᠵᠤ ᠰᠢᠨᠡᠯᠡᠵᠦ ᠲᠡᠶᠢᠯᠬᠦ ᠡᠰᠡᠬᠦ ᠲᠤᠬᠠᠶ ᠬᠠᠮᠤᠭ ᠠᠴᠠ ᠢᠯᠡᠭᠦᠦ ᠠᠩᠬᠠᠷᠴᠤ ᠪᠠᠶᠢᠨ᠎ᠠ᠃ ︽ᠮᠢᠨᠦ ᠦᠵᠡᠬᠦ ᠪᠠᠷ ᠣᠯᠠᠩᠬᠢ ᠬᠥᠮᠦᠨ ᠭᠡᠷ ᠲᠡᠭᠡᠨ ᠬᠠᠷᠢᠬᠤ ᠪᠠᠷ  ᠢᠶᠠᠨ ᠬᠠᠷᠢᠵᠤ ᠪᠣᠯᠤᠨ᠎ᠠ︾ ᠬᠡᠵᠡᠢ᠃      ᠽᠧᠡᠭ ᠭᠤᠧᠠᠩ ᠬᠡᠯᠡᠬᠦ ᠳᠡᠭᠡᠨ ᠪᠠᠰᠠ᠄ ᠬᠡᠷᠪᠡ ᠬᠡᠷ ᠲᠡᠭᠡᠨ ᠬᠠᠷᠢᠬᠤ ᠳᠤ ᠭᠦᠷᠪᠡᠯ ᠵᠠᠮ ᠳᠡᠭᠡᠷ᠎ᠡ ᠪᠠᠨ ᠮᠥᠨ ᠬᠦ ᠰᠡᠷᠭᠡᠶᠢᠯᠡᠯᠳᠡ ᠶᠢ ᠠᠩᠬᠠᠷᠴᠤ᠂ ᠵᠠᠮ ᠲᠤᠷᠰᠢ ᠠᠮᠠᠪᠴᠢ ᠵᠡᠭᠦᠬᠦ ᠬᠡᠷᠡᠭᠲᠡᠶ᠃ ᠨᠠᠩ ᠪᠠᠲᠤᠯᠠᠭ᠎ᠠ ᠲᠠᠢ ᠪᠣᠯᠭᠠᠶ᠎ᠠ ᠭᠡᠪᠡᠯ ᠨᠢᠳᠦᠨ ᠪᠦᠲᠡᠭᠡᠯᠭᠡ ᠵᠡᠭᠦᠵᠦ ᠪᠣᠯᠤᠨ᠎ᠠ︔ ᠭᠠᠷ ᠤᠬᠢᠶᠠᠬᠤ ᠰᠢᠩᠭᠡᠨ ᠠᠪᠴᠤ᠂ ᠭᠠᠷ ᠢᠶᠠᠨ ᠢᠯᠡᠭᠦᠭᠡᠨ ᠤᠬᠢᠶᠠᠭᠠᠷᠠᠢ᠂ ᠤᠴᠢᠷ ᠨᠢ ᠴᠠᠭᠠᠨ ᠰᠠᠷ᠎ᠠ ᠶᠢᠨ ᠵᠦᠭᠡᠭᠡᠪᠦᠷᠢ ᠶᠢᠨ ᠦᠶᠡᠰ ᠬᠥᠮᠦᠨ ᠵᠤᠵᠠᠭᠠᠨ ᠪᠤᠯᠤᠨ᠎ᠠ ᠭᠡᠵᠦ ᠰᠠᠨᠠᠭᠤᠯᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号