ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠨᠠᠢᠮᠠᠳᠤᠭᠠᠷ ᠲᠠᠪᠤᠨ ᠵᠢᠯ ︾ ᠤᠨ  ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢᠨ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/17
      12 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠨᠠᠢᠮᠠᠳᠤᠭᠠᠷ ᠲᠠᠪᠤᠨ ᠵᠢᠯ︾ ᠤᠨ  ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢᠨ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠪᠠ᠃ ᠬᠤᠷᠠᠯ ᠠᠴᠠ ︽ᠲᠥᠪ ᠤᠨ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠶᠠᠮᠤᠨ ᠤ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠢ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ︵2021 — 2025 ᠣᠨ︶︾᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠲᠢᠩᠬᠢᠮ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠢ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ︵2021 — 2025 ᠣᠨ︶︾ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢᠨ ᠰᠠᠨᠠᠯ ᠬᠤᠷᠢᠶᠠᠬᠤ ᠨᠤᠤᠷᠠᠭ ᠢ ᠰᠤᠳᠤᠯᠤᠨ ᠶᠠᠷᠢᠯᠴᠠᠪᠠ᠃ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ ᠶᠢᠨ ᠪᠠᠶᠢᠭᠤᠯᠤᠯᠭ᠎ᠠ ᠶᠢᠨ ᠡᠯ᠎ᠡ ᠭᠠᠵᠠᠷ ᠭᠡᠷ᠂ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠲᠣᠪᠴᠢᠶ᠎ᠠ ᠶᠢᠨ ᠠᠯᠪᠠᠨ ᠬᠡᠷ ᠤᠨ ᠨᠥᠬᠦᠳ ᠲᠥᠯᠥᠪᠵᠢᠭᠦᠯᠭᠡ ᠶᠢ ᠲᠤᠭᠤᠷᠪᠢᠭᠰᠠᠨ ᠪᠠᠶᠢᠳᠠᠯ ᠤᠨ ᠲᠤᠬᠠᠶ ᠲᠣᠪᠴᠢ ᠲᠣᠳᠣᠷᠬᠠᠶᠢᠯᠠᠯᠲᠠ ᠬᠢᠵᠦ᠂ ᠬᠤᠷᠠᠯ ᠳᠤ ᠣᠷᠣᠯᠴᠠᠭᠰᠠᠳ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢᠨ ᠰᠠᠨᠠᠯ ᠬᠤᠷᠢᠶᠠᠬᠤ ᠨᠣᠤᠷᠠᠭ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠵᠤ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠴᠢᠨᠠᠷ ᠰᠠᠶᠢᠲᠠᠶ ᠦᠷᠨᠢᠭᠦᠯᠬᠦ ᠳᠤ ᠠᠷᠭ᠎ᠠ ᠤᠬᠠᠭᠠᠨ ᠭᠠᠷᠭᠠᠪᠠ᠃
     ᠡᠨᠡ ᠵᠢᠯ ᠪᠣᠯ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠠᠴᠠ ᠲᠣᠰ ᠤᠳᠠᠭᠠᠨ ᠤ ᠶᠠᠷᠢᠯᠴᠠᠬᠤ ᠬᠤᠷᠠᠯ ᠳᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠤᠷᠢᠶᠠᠩᠭᠤᠶᠢᠯᠠᠨ ᠡᠮᠬᠢᠯᠡᠵᠦ᠂ ᠭᠦᠢᠴᠡᠳ ᠰᠢᠩᠭᠡᠭᠡᠨ ᠠᠪᠴᠤ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠥᠪᠵᠢᠭᠦᠯᠭᠡ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号