ᠰᠡᠷᠡᠮᠵᠢᠯᠡ︕ ᠭᠠᠷ ᠤᠲᠠᠰᠤ  ᠪᠠᠨ ᠰᠢᠯᠭᠠᠭᠠᠷᠠᠢ
ᠨᠡᠶᠢᠲᠡᠯᠡᠭᠰᠡᠨ ᠴᠠᠭ᠄
2021/12/17
      ᠥᠨᠥᠬᠡᠨ ᠡᠮᠨᠡᠯᠭᠡ ᠳᠤ ᠡᠮᠴᠢᠯᠡᠭᠦᠯᠵᠦ ᠪᠠᠶᠢᠭᠰᠠᠨ ᠰᠢᠤᠢ ᠣᠪᠣᠭᠲᠤ   ᠶᠢᠨ ᠪᠠᠩᠬᠢ ᠶᠢᠨ ᠺᠠᠷᠲ ᠳᠠᠬᠢ ᠲᠦᠮᠨ 4000 ᠲᠥᠭᠦᠷᠢᠭ  ᠢ ᠤᠴᠢᠷ ᠰᠢᠯᠲᠠᠭᠠᠨ ᠦᠭᠡᠢ ᠪᠠᠷ ᠰᠢᠯᠵᠢᠭᠦᠯᠦᠭᠰᠡᠨ ᠶᠠᠪᠤᠳᠠᠯ ᠭᠠᠷᠴᠠᠢ᠃                              ᠰᠢᠤᠢ ᠣᠪᠣᠭᠲᠤ ᠶᠢᠨ ᠭᠠᠷ ᠤᠳᠠᠰᠣᠨ ᠤ ᠬᠤᠩᠬᠤ ᠨᠢ ᠭᠡᠨᠡᠳᠲᠡ ᠲᠠᠭ ᠴᠢᠭ᠋ ᠪᠣᠯᠣᠭᠰᠠᠨ ᠢ ᠲᠡᠷᠡ ᠪᠠᠷ  ᠠᠩᠬᠠᠷᠤᠯ ᠳᠠᠭᠠᠨ ᠠᠪᠤᠭᠰᠠᠨ ᠦᠭᠡᠢ᠃ ᠬᠠᠷᠢᠨ ᠨᠢᠭᠡ ᠮᠡᠳᠡᠬᠦ ᠳᠤ ᠪᠠᠩᠬᠢ ᠶᠢᠨ ᠺᠠᠷᠲ ᠠᠴᠠ ᠨᠢ ᠨᠡᠶᠢᠲᠡ 14  ᠤᠳᠠᠭ᠎ᠠ  ᠮᠥᠩᠭᠦ ᠰᠢᠯᠵᠢᠭᠦᠯᠵᠦ ᠲᠦᠮᠡᠨ ᠲᠥᠭᠦᠷᠢᠭ ᠬᠠᠰᠣᠭᠳᠠᠭᠰᠠᠨ ᠮᠸᠢᠢᠰᠵᠢ ᠣᠯᠵᠠᠢ᠃                              ᠭᠡᠲᠡᠯ᠎ᠡ ᠰᠢᠤᠢ ᠣᠪᠣᠭᠲᠤ ᠡᠮᠨᠡᠯᠬᠡ ᠶᠢᠨ ᠥᠷᠥᠭᠡᠨ ᠠᠴᠠ ᠪᠠᠨ ᠭᠠᠷᠤᠭ᠎ᠠ ᠦᠭᠡᠢ᠂ ᠭᠠᠷ ᠤᠲᠠᠰᠤ ᠪᠣᠯᠤᠨ ᠺᠠᠷᠲ ᠢᠶᠠᠨ ᠴᠦ ᠪᠡᠶ᠎ᠡ ᠠᠴᠠ ᠪᠠᠨ ᠰᠠᠯᠭᠠᠭ᠎ᠠ ᠦᠭᠡᠢ ᠪᠠᠶᠢᠯ᠎ᠠ᠃ ᠶᠠᠭᠠᠬᠢᠭᠠᠳ ᠮᠥᠩᠭᠦ ᠰᠢᠯᠵᠢᠭᠦᠯᠴᠢᠬᠡᠪᠡ︖                              ᠰᠢᠦᠢ ᠣᠪᠣᠭᠲᠤ ᠶᠢᠨ ᠡᠷᠭᠢᠴᠡᠭᠦᠯᠬᠦ ᠪᠠᠷ᠂ ᠥᠩᠭᠡᠷᠡᠭᠰᠡᠨ ᠳᠤ ᠮᠸᠢᠢᠰᠵᠢ ᠪᠠᠷ ᠢᠯᠡᠭᠡᠭᠰᠡᠨ ᠨᠢᠭᠡ ᠬᠤᠯᠪᠤᠭᠠᠰᠦ ᠶᠢ ᠲᠣᠰᠴᠤ ᠰᠣᠨᠢᠭᠤᠴᠢᠯᠠᠨ ᠳᠣᠶ᠋ᠢᠭᠰᠠᠨ ᠳᠤ ᠭᠠᠷ ᠤᠲᠠᠰᠤᠨ ᠤ ᠬᠢᠨᠢ ᠬᠤᠩᠬᠤ ᠨᠢ ᠳᠠᠭᠤ ᠦᠭᠡᠢ ᠪᠣᠯᠣᠭᠰᠠᠨ ᠮᠥᠷᠲᠡᠭᠡᠨ ᠥᠪᠡᠷ ᠢᠶᠠᠨ ᠲᠣᠬᠢᠷᠠᠭᠤᠯᠵᠤ ᠳᠡᠶᠢᠯᠬᠦ ᠦᠭᠡᠶ ᠪᠤᠯᠴᠢᠬᠠᠳᠠᠭ ᠶᠤᠮ ᠪᠠᠶᠢᠨ᠎ᠠ᠃                              ᠳᠡᠬᠡᠪᠡᠯ ᠮᠡᠬᠡᠯᠡᠭᠴᠢ ᠰᠢᠦᠢ ᠣᠪᠣᠭᠲᠤ ᠶᠢᠨ ᠮᠥᠩᠭᠦ ᠶᠢ ᠶᠠᠭᠠᠬᠢᠵᠦ ᠰᠢᠯᠵᠢᠬᠦᠯᠦᠭᠰᠡᠨ ᠶᠤᠮ ᠪᠤᠯ︖                              ᠰᠢᠯᠭᠠᠬᠤ ᠺᠣᠳ᠋ ᠪᠣᠯ ᠮᠥᠩᠭᠦᠨ ᠬᠦᠢᠯᠬᠡᠬᠡᠨ ᠤ ᠪᠠᠶᠢᠭᠤᠯᠤᠮᠵᠢ ᠠᠴᠠ ᠬᠡᠷᠡᠭᠯᠡᠭᠴᠢ ᠶᠢᠨ ᠨᠢᠭᠤᠴᠠ ᠨᠣᠮᠧᠷ ᠢᠶᠠᠨ ᠵᠠᠰᠠᠬᠤ ᠪᠤᠶᠤ ᠲᠠᠩᠰᠠ ᠰᠢᠯᠵᠢᠭᠦᠯᠬᠦ ᠦᠶ᠎ᠡ ᠳᠤ ᠵᠣᠷᠢᠭᠤᠯᠤᠭᠰᠠᠨ ᠭᠠᠭᠴᠠᠬᠠᠨ ᠤᠳᠠᠭ᠎ᠠ ᠬᠡᠷᠡᠭᠯᠡᠬᠦ ᠬᠦᠴᠦᠨ ᠲᠠᠢ ᠺᠣᠳ᠋ ᠪᠣᠯᠣᠨ᠎ᠠ᠃                              ᠭᠡᠮᠲᠦ ᠡᠳᠡᠭᠡᠳ ᠬᠡᠷᠡᠭᠯᠡᠭᠴᠢᠳ ᠤᠨ ᠤᠲᠠᠰᠤᠨ ᠳᠤ ᠮᠸᠢᠢᠰᠵᠢ ᠪᠠᠷ ᠶᠠᠮᠠᠷ ᠨᠢᠭᠡᠨ ᠬᠤᠯᠪᠣᠭᠠᠰᠤ ᠢᠯᠡᠭᠡᠵᠦ ᠰᠢᠯᠭᠠᠬᠤ ᠺᠣᠳ᠋ ᠢ ᠨᠢ ᠡᠵᠡᠮᠰᠢᠳᠡᠭ ᠶᠤᠮ ᠪᠠᠶᠢᠨ᠎ᠠ᠃                              ᠡᠬᠦᠨ ᠢ ᠬᠡᠷᠬᠢᠨ ᠰᠡᠷᠭᠡᠶᠢᠯᠡᠬᠦ ᠪᠤᠢ︖                              ᠡᠶᠢᠮᠦᠷᠬᠦ ᠮᠸᠢᠢᠰᠵᠢ ᠪᠤᠶᠤ ᠲᠠᠨᠢᠯ ᠪᠤᠰᠤ ᠬᠤᠯᠪᠤᠭᠠᠰᠦ ᠢᠯᠡᠭᠡᠭᠰᠡᠨ ᠪᠠᠶᠢᠪᠠᠯ ᠳᠣᠶ᠋ᠢᠵᠤ ᠪᠣᠯᠬᠤ ᠦᠭᠡᠢ  ᠮᠥᠷᠲᠡᠭᠡᠨ‌‍ᠲ᠋ᠠᠷᠦ᠋ᠢᠬᠠᠨ ᠤᠰᠠᠳᠬᠠᠪᠠᠯ ᠵᠣᠬᠢᠨ᠎ᠠ᠃                              ᠬᠡᠷᠪᠡ ᠬᠢᠴᠢᠶᠡᠮᠵᠢ ᠦᠭᠡᠢ ᠠᠴᠠ ᠪᠣᠯᠵᠤ ᠳᠣᠶ᠋ᠢᠭᠰᠠᠨ ᠪᠣᠯ ᠭᠠᠷ ᠤᠲᠠᠰᠤᠨ ᠳᠡᠭᠡᠷᠡᠬᠢ ᠳᠠᠩᠰᠠ   ᠪᠠᠨ ᠳᠠᠷᠤᠶᠢᠬᠠᠨ ᠬᠠᠭᠠᠬᠤ ᠶᠢ ᠮᠥᠩᠭᠦᠨ ᠭᠦᠢᠯᠭᠡᠭᠡᠨ ᠤ ᠰᠢᠰᠲ᠋ᠧᠮ ᠳᠤ ᠮᠡᠳᠡᠭᠳᠡᠬᠦ ᠬᠡᠷᠡᠭᠲᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号