ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2021/12/20
      2021 ᠣᠨ ᠤ 12 ᠳ᠋ᠤᠭᠠᠷ ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠥᠬᠡᠬᠤᠲᠠ ᠳᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠩᠭᠢ ᠡᠷᠬᠢᠯᠡᠪᠡ᠃
     ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨ ᠢ ᠪᠣᠯᠪᠠᠰᠤᠷᠠᠯ ᠤᠨ ᠠᠩᠭᠢ ᠳᠤ ᠠᠩᠭᠢ ᠡᠬᠢᠯᠡᠬᠦ ᠶᠠᠷᠢᠶ᠎ᠠ ᠲᠠᠯᠪᠢᠵᠤ᠂ ᠡᠯ᠎ᠡ ᠠᠶᠢᠮᠠᠭ ᠬᠤᠲᠠ ᠶᠢᠨ ᠣᠯᠤᠭᠰᠠᠨ ᠠᠵᠢᠯ ᠤᠨ ᠠᠮᠵᠢᠯᠲᠠ ᠶᠢ ᠭᠦᠢᠴᠡᠳ ᠨᠤᠲᠠᠯᠠᠭᠰᠠᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃ ᠲᠣᠪᠴᠢᠶᠠᠨ ᠳᠠᠷᠤᠭ᠎ᠠ ᠶᠢᠨ ᠮᠠᠨ ᠢ ᠵᠢᠭᠠᠵᠤ ᠭᠠᠷᠭᠠᠭᠰᠠᠨ ᠨᠢ᠂ ᠡᠮᠴᠢᠯᠡᠭᠡ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠬᠤ ᠪᠣᠯ ᠰᠢ ᠶᠢᠨ ᠫᠢᠩ ᠶᠡᠷᠦᠩᠬᠡᠶ ᠱᠦᠵᠢ ᠶᠢᠨ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠶ ᠴᠢᠬᠤᠯᠠ ᠶᠠᠷᠢᠶ᠎ᠠ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠮᠥᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠮᠴᠢᠯᠡᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠡᠮ ᠡᠮᠨᠡᠯᠭᠡ ᠶᠢᠨ ᠳᠠᠭᠠᠳᠬᠠᠯ ᠤᠨ ᠣᠳᠣᠬᠢᠴᠢᠯᠠᠭᠰᠠᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠪᠥᠬᠦ ᠣᠷᠣᠨ ᠤ ᠡᠯ᠎ᠡ ᠱᠠᠲᠤᠨ ᠤ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠰᠡᠳᠬᠢᠯ ᠨᠢᠭᠡᠳᠦᠨ᠂ ᠠᠯᠬᠤᠮ ᠢᠶᠠᠨ ᠨᠢᠭᠡᠳᠬᠡᠵᠦ᠂ ᠲᠠᠪᠴᠠᠩ ᠤᠨ ᠰᠢᠰᠲ᠋ᠧᠮ ᠤᠨ ᠴᠢᠳᠠᠮᠵᠢ ᠶᠢ ᠲᠦᠷᠭᠡᠬᠡᠨ ᠲᠡᠭᠦᠯᠳᠡᠷᠵᠢᠭᠦᠯᠵᠦ᠂ ᠲᠤᠬᠠᠶᠢᠯᠠᠭᠰᠠᠨ ᠠᠵᠢᠯ ᠤᠨ ᠵᠣᠯᠭᠠᠯᠴᠠᠭ᠎ᠠ ᠶᠢ ᠰᠢᠯᠤᠭᠤᠳᠬᠠᠨ᠂ ᠠᠷᠠᠳ ᠣᠯᠠᠨ ᠢ ᠳᠤᠲᠠᠭᠤ ᠭᠦᠶᠦᠯᠭᠡᠵᠦ᠂ ᠲᠤᠭ᠎ᠠ ᠪᠠᠷᠢᠮᠲᠠ ᠶᠢ ᠢᠯᠡᠭᠦᠤ ᠭᠦᠶᠦᠯᠭᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠬᠦ ᠬᠡᠷᠡᠭᠲᠡᠶ ︔ ᠠᠵᠢᠯ ᠢ ᠠᠬᠢᠭᠤᠯᠬᠤ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠥᠨᠳᠥᠷ ᠪᠦᠲᠦᠮᠵᠢᠲᠡᠢ ᠬᠠᠮᠵᠢᠯᠴᠠᠵᠤ᠂ ᠱᠠᠯᠠᠪᠳᠠᠭᠤᠯᠤᠨ ᠭᠦᠢᠴᠡᠳᠬᠡᠭᠦᠯᠵᠦ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠦᠲᠦᠮᠵᠢᠲᠡᠢ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠠᠪᠴᠠᠩ ᠤᠨ ᠰᠢᠰᠲ᠋ᠧᠮ ᠤᠨ ᠲᠣᠭᠲᠠᠭᠤᠨ ᠢᠶᠠᠷ ᠰᠠᠭᠠᠳ ᠦᠭᠡᠢ ᠠᠵᠢᠯᠯᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠪᠡ᠃
     ᠪᠣᠯᠪᠠᠰᠤᠷᠠᠯ ᠤᠨ ᠠᠩᠭᠢ ᠳᠤ᠂ ᠬᠥᠬᠡᠬᠤᠲᠠ᠂ ᠲᠦᠩᠯᠢᠶᠣᠤ ᠬᠤᠲᠠ᠂ ᠤᠯᠠᠭᠠᠨᠬᠠᠳᠠ ᠬᠤᠲᠠ ᠪᠠ ᠣᠷᠳᠣᠰ ᠬᠤᠲᠠ ᠵᠡᠷᠭᠡ ᠳᠥᠷᠪᠡᠨ ᠠᠶᠢᠮᠠᠭ ᠬᠤᠲᠠ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠠᠵᠢᠯᠯᠠᠭᠠᠨ ᠤ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ ᠡᠭᠦᠨ ᠤ ᠬᠠᠮᠲᠤ᠂ ᠡᠯ᠎ᠡ ᠠᠶᠢᠮᠠᠭ ᠬᠤᠲᠠ ᠶᠢᠨ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠳᠤ ᠴᠢᠭᠯᠡᠭᠦᠯᠦᠨ ᠵᠦᠢᠯ ᠳᠠᠷᠠᠭᠠᠯᠠᠨ ᠡᠮᠬᠢᠯᠡᠨ ᠳᠢᠭᠯᠡᠵᠦ᠂ ᠲᠤᠬᠠᠶ ᠶᠢᠨ ᠲᠠᠯᠠᠪᠤᠷ ᠲᠤ ᠬᠡᠰᠡᠭ ᠬᠠᠯᠠᠮᠰᠢᠯ᠂ ᠭᠤᠤᠯᠳᠠᠯᠭ᠎ᠠ ᠲᠠᠢ᠂ ᠬᠦᠴᠢᠷ ᠠᠰᠠᠭᠤᠳᠠᠯ ᠢ ᠰᠢᠢᠳᠪᠦᠷᠢᠯᠡᠬᠦ ᠲᠣᠭᠲᠠᠴᠠ ᠪᠠᠶᠢᠭᠤᠯᠤᠨ᠂ ᠰᠢᠢᠳᠪᠦᠷᠢᠯᠡᠬᠦ ᠲᠥᠰᠦᠯ ᠲᠣᠭᠲᠠᠭᠠᠪᠠ᠃ ᠪᠣᠯᠪᠠᠰᠤᠷᠠᠯ ᠳᠤ ᠣᠷᠣᠯᠴᠠᠭᠰᠠᠳ ᠬᠠᠷᠢᠯᠴᠠᠨ ᠰᠣᠯᠢᠯᠴᠠᠬᠤ ᠳᠤᠮᠳᠠ ᠬᠠᠷᠢᠯᠴᠠᠨ ᠲᠣᠯᠢᠯᠠᠨ ᠰᠤᠷᠤᠯᠴᠠᠭᠰᠠᠨ ᠪᠥᠭᠡᠳ ᠰᠢᠨ᠎ᠡ ᠲᠠᠪᠴᠠᠩ ᠤᠨ ᠡᠯ᠎ᠡ ᠵᠦᠢᠯ ᠤᠨ ᠴᠢᠳᠠᠮᠵᠢ ᠶᠢᠨ ᠠᠵᠢᠯᠯᠠᠭ᠎ᠠ ᠳᠤ ᠨᠠᠷᠢᠯᠢᠭ ᠣᠨᠣᠴᠠᠲᠠᠶ ᠪᠣᠯᠪᠠᠰᠤᠷᠠᠭᠤᠯᠤᠯ ᠬᠢᠵᠦ᠂ ᠢᠯᠡᠳᠲᠡ ᠦᠷ᠎ᠡ ᠪᠦᠲᠦᠮᠵᠢ ᠤᠯᠪᠠ᠃      ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠠᠯᠠᠮᠰᠢᠯ ᠠᠰᠠᠭᠤᠳᠠᠯ ᠢ ᠴᠢᠩᠭ᠎ᠠ ᠠᠩᠬᠠᠷᠴᠤ᠂ ᠭᠤᠤᠯᠳᠠᠯᠭ᠎ᠠ ᠶᠢ ᠠᠳᠬᠤᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠢᠯ ᠢᠶᠠᠨ ᠦᠨᠡᠨ ᠬᠦ ᠪᠣᠳᠠᠲᠠᠶ ᠪᠥᠭᠡᠳ ᠨᠠᠷᠢᠯᠢᠭ ᠬᠢᠵᠦ᠂ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠤᠷᠤᠭᠰᠢᠲᠠᠶ ᠠᠵᠢᠯᠯᠠᠬᠤ ᠶᠢ ᠲᠦᠷᠭᠡᠳᠬᠡᠨ ᠠᠬᠢᠭᠤᠯᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠬᠡᠨ ᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠦᠨ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠵᠤ᠂ ᠠᠷᠠᠳ ᠣᠯᠠᠨ ᠤ ᠡᠮᠴᠢᠯᠡᠭᠡᠨ ᠤ ᠪᠠᠲᠤᠯᠠᠭ᠎ᠠ ᠶᠢᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︕
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号