ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠰᠡᠳᠦᠪᠳᠦ ᠲᠠᠶᠢᠯᠦᠮᠵᠢ ᠡᠷᠬᠢᠯᠡᠪᠡ
ᠨᠡᠶᠢᠲᠡᠯᠡᠭᠰᠡᠨ ᠴᠠᠭ᠄
2021/12/20
      ᠰᠢᠨ᠎ᠡ ᠪᠠᠶᠢᠳᠠᠯ ᠳᠣᠤᠷᠠᠬᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ 12 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠰᠡᠳᠦᠪᠲᠦ ᠲᠠᠶᠢᠯᠤᠮᠵᠢ ᠬᠢᠪᠠ᠂ ᠲᠠᠶᠢᠯᠤᠮᠵᠢ ᠶᠢ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋ ᠳᠠᠷᠤᠭ᠎ᠠ ᠵᠧᠩ ᠵᠣᠣ ᠰᠢᠶᠠᠩ ᠡᠷᠭᠢᠯᠡᠵᠦ᠂ ᠲᠣᠪᠴᠢᠶᠠᠨ ᠤ ᠪᠠᠶᠢᠭᠤᠯᠤᠯᠭ᠎ᠠ ᠶᠢᠨ ᠡᠯ᠎ᠡ ᠭᠠᠵᠠᠷ ᠬᠡᠷ ᠪᠣᠯᠤᠨ ᠬᠠᠷᠢᠶ᠎ᠠ ᠨᠢᠭᠡᠴᠡ ᠶᠢᠨ ᠬᠡᠰᠡᠭ ᠠᠵᠢᠯᠲᠠᠨ ᠠᠵᠢᠯᠴᠢᠨ ᠤ ᠲᠥᠯᠥᠭᠡᠯᠡᠭᠴᠢ ᠣᠷᠣᠯᠴᠠᠵᠠᠶ᠃
     ᠠᠵᠢᠯᠯᠠᠭ᠎ᠠ ᠳᠤ ᠲᠤᠰᠬᠠᠶ ᠲᠤᠰᠢᠶᠠᠯᠲᠤ ᠬᠠᠤᠯᠢᠴᠢ ᠶᠢ ᠤᠷᠢᠨ ᠬᠢᠴᠢᠶᠡᠯ ᠣᠷᠣᠭᠤᠯᠵᠤ᠂ ᠭᠤᠤᠯᠳᠠᠯᠭ᠎ᠠ ᠲᠠᠢ ᠪᠠᠷ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠴᠢᠬᠤᠯᠠ ᠠᠴᠢ ᠬᠤᠯᠪᠣᠭᠳᠠᠯ᠂ ᠨᠡᠶᠢᠲᠡᠯᠢᠭ ᠬᠡᠷᠡᠭ ᠤᠨ ᠵᠢᠱᠢᠶ᠎ᠡ᠂ ᠭᠤᠤᠯᠳᠠᠯᠭ᠎ᠠ ᠲᠠᠢ ᠠᠭᠤᠯᠭ᠎ᠠ᠂ ᠠᠵᠢᠯ ᠤᠨ ᠰᠠᠨᠠᠭᠤᠯᠭ᠎ᠠ ᠵᠡᠷᠭᠡ ᠲᠠᠯ᠎ᠠ ᠶᠢᠨ ᠲᠣᠭᠤᠷᠢᠨ ᠳᠤ ᠲᠥᠪᠯᠡᠷᠡᠩᠭᠦᠶ ᠲᠠᠶᠢᠯᠤᠮᠵᠢ ᠬᠢᠪᠠ᠃ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠬᠤᠷᠠᠯ ᠳᠤ ᠣᠷᠣᠯᠴᠠᠭᠰᠠᠨ ᠨᠥᠬᠦᠳ ᠲᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠪᠠ ᠲᠠᠨᠢᠯᠲᠠ ᠲᠠᠢ ᠪᠣᠯᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠴᠢᠳᠠᠪᠤᠷᠢ ᠪᠠ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠬᠤ ᠳᠤ ᠰᠠᠭᠤᠷᠢ ᠶᠢ ᠪᠠᠬᠢᠵᠢᠭᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号