︽ᠬᠤᠤᠰ ᠵᠠᠭᠤᠨ︾ ᠤ ᠪᠤᠭᠤᠮᠳᠠ ᠰᠢᠪᠳᠤᠯᠬᠤ · ᠰᠢᠯᠢ ᠶᠢᠨ ᠭᠤᠤᠯ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠷᠠᠳ ᠲᠤ ᠠᠰᠢᠭ ᠬᠦᠷᠲᠡᠭᠡᠬᠦ ᠰᠠᠶᠢᠨ ᠲᠥᠷᠥ ᠶᠢᠨ ᠪᠣᠳᠣᠯᠭ᠎ᠠ ᠶᠢᠨ ᠰᠢᠯᠭᠠᠯᠲᠠ ᠶᠢ ᠠᠮᠵᠢᠯᠳᠠ ᠲᠠᠢ ᠤᠭᠳᠤᠪᠠ
ᠨᠡᠶᠢᠲᠡᠯᠡᠭᠰᠡᠨ ᠴᠠᠭ᠄
2021/12/21
      ᠪᠥᠬᠦ ᠠᠶᠢᠮᠠᠭ ᠤᠨ ︽ᠬᠤᠤᠰ ᠵᠠᠭᠤᠨ︾ ᠤ ᠪᠤᠭᠤᠮᠳᠠ ᠰᠢᠪᠳᠤᠯᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠠᠶᠢᠮᠠᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠦᠳᠲᠡᠷ ᠲᠦᠷᠭᠡᠨ ᠬᠥᠳᠡᠯᠦᠯᠴᠡᠵᠦ᠂ ᠢᠳᠡᠪᠬᠢᠲᠡᠶ ᠪᠠᠷ ᠲᠥᠯᠥᠪᠯᠡᠨ᠂ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠠᠯᠢ ᠣᠯᠠᠨ ᠠᠷᠠᠳ ᠲᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠡᠮᠴᠢᠯᠡᠭᠡ ᠶᠢᠨ ᠪᠠᠲᠤᠯᠠᠭ᠎ᠠ ᠶᠢᠨ ᠰᠠᠶᠢᠨ ᠲᠥᠷᠥ ᠶᠢᠨ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠡᠮᠴᠢᠯᠡᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠳᠡᠩᠰᠡᠯᠡᠵᠦ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠳᠥᠭᠦᠮᠴᠢᠯᠡᠨ᠂ ᠡᠮᠴᠢᠯᠡᠭᠡ ᠶᠢᠨ ᠪᠠᠲᠤᠯᠠᠭ᠎ᠠ ᠶᠢᠨ ᠦᠢᠯᠡᠴᠢᠯᠡᠬᠭᠡ ᠶᠢ ᠦᠨᠡᠨ ᠰᠡᠳᠬᠢᠯ ᠠᠴᠠ ᠪᠠᠨ ᠥᠷᠨᠢᠭᠦᠯᠵᠦ᠂ ᠠᠷᠠᠳ ᠲᠦᠮᠡᠨ ᠳᠤ ᠦᠢᠯᠡᠴᠢᠯᠡᠬᠦ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃
     ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠶ ᠰᠢᠯᠢᠳᠡᠭᠵᠢᠭᠦᠯᠬᠦ ᠶᠢᠨ ᠲᠥᠯᠥᠭᠡ᠂ ᠠᠶᠢᠮᠠᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ︽ᠶᠡᠷᠦᠩᠬᠡᠶᠢᠯᠡᠭᠰᠡᠨ ᠯᠠᠩᠭᠦᠶ ᠶᠢᠨ ᠳᠦᠷᠢᠮ︾ ᠢ ᠭᠦᠨᠵᠡᠭᠡᠶ ᠬᠡᠷᠡᠭᠵᠢᠭᠦᠯᠵᠦ᠂ ᠡᠮᠴᠢᠯᠡᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠠᠷᠭ᠎ᠠ ᠭᠠᠷᠲᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠥᠩᠭᠡᠷᠡᠭᠰᠡᠨ ᠤ ᠳᠠᠩ ᠭᠠᠭᠴᠠ ᠦᠢᠯᠡᠴᠢᠯᠡᠭᠡ ᠬᠠᠩᠭᠠᠵᠤ ᠪᠠᠶᠢᠭᠰᠠᠨ 6 ᠴᠣᠩᠬᠤ ᠶᠢ ᠨᠡᠶᠢᠯᠡᠭᠦᠯᠦᠭᠡᠳ 3 ᠶᠡᠷᠦᠩᠬᠡᠶᠢᠯᠡᠭᠰᠡᠨ ᠴᠣᠩᠬᠤ ᠪᠣᠯᠭᠠᠵᠤ᠂ ᠭᠠᠷᠲᠠᠨ ᠭᠦᠢᠴᠡᠳᠭᠡᠬᠦ ᠦᠢᠯᠡᠴᠢᠯᠡᠭᠡᠨ ᠤ ︽ᠶᠡᠷᠦᠩᠬᠡᠶᠢᠯᠡᠭᠰᠡᠨ ᠯᠠᠩᠭᠦᠶ ᠶᠢᠨ ᠲᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠨᠢᠭᠡ ᠴᠣᠩᠬᠤ ᠪᠠᠷ ᠭᠥᠯᠢᠶᠡᠨ ᠠᠪᠴᠤ  ᠰᠢᠢᠳᠪᠦᠷᠢᠯᠡᠬᠦ᠂ ᠨᠢᠭᠡ ᠯᠡ ᠥᠷᠲᠡᠭᠡ ᠳᠤ ᠦᠢᠯᠡᠴᠢᠯᠡᠬᠦ᠂ ᠨᠢᠭᠡ ᠯᠡ ᠤᠳᠠᠭ᠎ᠠ ᠳᠤ ᠭᠦᠢᠴᠡᠳᠭᠡᠵᠦ ᠳᠠᠭᠤᠰᠬᠠᠬᠤ︾ ᠡᠮᠴᠢᠯᠡᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠰᠢᠨ᠎ᠡ ᠪᠠᠶᠢᠷᠢᠰᠢᠯ ᠢ ᠪᠣᠶ ᠪᠣᠯᠭᠠᠬᠤ ᠶᠢᠨ ᠬᠠᠮᠲᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ᠂ ᠲᠥᠷᠥ ᠶᠢᠨ ᠪᠣᠳᠣᠯᠭ᠎ᠠ ᠶᠢᠨ ᠬᠢᠷᠢ ᠲᠦᠪᠰᠢᠨ ᠢᠶᠠᠷ ᠰᠠᠶᠢᠨ᠂ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠵᠠᠯᠠᠭᠤ ᠭᠤᠤᠯᠯᠠᠭᠴᠢ ᠬᠦᠴᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠰᠣᠩᠭᠤᠨ ᠲᠣᠮᠢᠯᠠᠬᠤ ᠶᠢ ᠪᠠᠷᠢᠮᠲᠠᠯᠠᠵᠤ᠂ ᠡᠮᠴᠢᠯᠡᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠵᠠᠯᠠᠭᠤᠴᠤᠳ ᠤᠨ ᠬᠤᠰᠢᠭᠤᠴᠢ ᠠᠵᠢᠯ ᠤᠨ ᠪᠠᠶᠢᠷᠢ ᠶᠢ ᠬᠦᠴᠦᠯᠡᠨ ᠪᠣᠶ ᠪᠣᠯᠭᠠᠵᠤ᠂ ᠡᠮᠴᠢᠯᠡᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠴᠣᠩᠬᠤᠨ ᠤ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠭᠦᠯᠪᠡ᠃
     ᠡᠮᠴᠢᠯᠡᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠲᠤᠬᠠᠶᠢᠯᠠᠭᠰᠠᠨ ᠠᠵᠢᠯ ᠢ ︽ᠰᠦᠯᠵᠢᠶᠡᠨ ᠳᠡᠭᠡᠷ᠎ᠡ ᠭᠦᠢᠴᠡᠳᠭᠡᠬᠦ᠂ ᠭᠠᠷᠲᠠᠨ ᠭᠦᠢᠴᠡᠳᠭᠡᠬᠦ︾ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ︽ᠢᠨᠲ᠋ᠤᠷ ᠰᠦᠯᠵᠢᠶ᠎ᠡ + ᠡᠮᠴᠢᠯᠡᠭᠡ ᠶᠢᠨ ᠪᠠᠲᠤᠯᠠᠭ᠎ᠠ ︾ ᠢ ᠲᠦᠷᠭᠡᠳᠬᠡᠨ ᠠᠬᠢᠭᠤᠯᠵᠤ᠂ ᠳᠠᠭᠠᠳᠬᠠᠯ ᠳᠤ ᠣᠷᠣᠯᠴᠠᠭᠰᠠᠨ ᠨᠢᠭᠡᠴᠡ ᠵᠢᠴᠢ ᠬᠤᠪᠢ ᠬᠥᠮᠦᠨ ᠤ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠮᠡᠳᠡᠭᠦᠯᠬᠦ᠂ ᠬᠢᠨᠠᠨ ᠲᠣᠭᠲᠠᠭᠠᠬᠤ᠂ ᠲᠤᠰᠢᠶᠠᠬᠤ᠂ ᠲᠠᠩᠰᠠ ᠰᠢᠯᠵᠢᠭᠦᠯᠬᠦ ᠵᠡᠷᠭᠡ ᠭᠠᠷᠲᠠᠨ ᠭᠦᠢᠴᠡᠳᠭᠡᠬᠦ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠭᠡᠬᠦ ᠶᠢ ᠪᠡᠶᠡᠯᠡᠭᠦᠯᠪᠡ᠃ ᠳᠠᠭᠠᠳᠬᠠᠯ ᠳᠤ ᠣᠷᠣᠭᠰᠠᠳ ᠤᠯᠤᠰ ᠤᠨ ᠣᠨᠳᠣᠤ ᠭᠠᠵᠠᠷ ᠲᠤ ᠡᠮᠴᠢᠯᠡᠭᠦᠯᠬᠦ ᠶᠢ ᠳᠠᠩᠰᠠᠯᠠᠬᠤ ᠵᠢᠵᠢᠭ ᠹᠷᠤᠭ᠍ᠷᠡᠮ᠂ ᠮᠣᠩᠭᠤᠯ ᠰᠤᠪᠠᠭ ᠠᠯᠪᠠᠯᠠᠬᠤ᠂ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠸᠢᠴᠠᠲ ᠵᠡᠷᠭᠡ ᠭᠠᠷ ᠤᠲᠠᠰᠤᠨ ᠤ APP ᠪᠠᠷ ᠳᠠᠮᠵᠢᠭᠤᠯᠤᠨ ᠬᠤᠪᠢ ᠬᠥᠮᠦᠨ ᠤ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠡᠮᠴᠢᠯᠡᠭᠡᠨ ᠤ ᠲᠠᠩᠰᠠᠨ ᠡᠷᠦᠬᠡ ᠶᠢ ᠪᠠᠶᠢᠴᠠᠭᠠᠨ ᠯᠠᠪᠯᠠᠬᠤ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠪᠠᠶᠢᠴᠠᠭᠠᠨ ᠯᠠᠪᠯᠠᠬᠤ᠂ ᠣᠨᠳᠣᠤ ᠭᠠᠵᠠᠷ ᠲᠤ ᠡᠮᠴᠢᠯᠡᠭᠦᠯᠬᠦ ᠶᠢ ᠳᠠᠩᠰᠠᠯᠠᠬᠤ᠂ ᠠᠮᠢᠳᠤᠯᠢᠭ ᠢᠶᠠᠷ ᠠᠵᠢᠯ ᠤᠯᠬᠤ ᠵᠢᠴᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠦᠢᠳᠭᠡᠯ ᠲᠤᠰᠢᠶᠠᠬᠤ᠂ ᠡᠮᠴᠢᠯᠡᠭᠡᠨ ᠤ ᠳᠠᠭᠠᠳᠬᠠᠯ ᠤᠨ ᠲᠤᠰᠢᠶᠠᠬᠤ ᠨᠠᠷᠢᠨ ᠵᠦᠢᠯ ᠢ ᠪᠠᠶᠢᠴᠠᠭᠠᠨ ᠯᠠᠪᠯᠠᠬᠤ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠲᠤᠬᠠᠶᠢᠯᠠᠭᠰᠠᠨ ᠠᠵᠢᠯ ᠢ ᠬᠢᠵᠦ ᠪᠣᠯᠤᠨ᠎ᠠ᠃
     ᠡᠭᠦᠨ ᠠᠴᠠ ᠭᠠᠳᠠᠨ᠎ᠠ᠂ ᠮᠤᠵᠢ ᠠᠯᠤᠰᠯᠠᠨ ᠣᠨᠳᠣᠣ ᠭᠠᠵᠠᠷ ᠲᠤ ᠡᠮᠨᠡᠯᠭᠡ ᠰᠢᠯᠵᠢᠬᠦ ᠬᠥᠮᠦᠰ ᠢ ᠳᠠᠩᠰᠠᠯᠠᠬᠤ ᠵᠢᠷᠤᠮ ᠢ ᠳᠥᠭᠦᠮᠴᠢᠯᠡᠬᠦ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠳᠠᠭᠠᠳᠬᠠᠯ ᠳᠤ ᠣᠷᠣᠯᠴᠠᠭᠰᠠᠳ ᠤᠨ ᠮᠤᠵᠢ ᠠᠯᠤᠰᠯᠠᠨ ᠣᠨᠳᠣᠤ ᠭᠠᠵᠠᠷ ᠲᠤ ᠡᠪᠡᠳᠴᠢᠨ ᠦᠵᠡᠭᠦᠯᠬᠦ ᠶᠢ ᠡᠮᠨᠡᠯᠭᠡ ᠰᠢᠯᠵᠢᠭᠦᠯᠦᠨ ᠡᠮᠨᠡᠭᠦᠯᠬᠦ ᠶᠢ ᠳᠠᠩᠰᠠᠯᠠᠭᠤᠯᠤᠨ ᠬᠠᠩᠭᠠᠭᠰᠠᠨ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠭᠠᠵᠤ ᠥᠭᠭᠦᠭᠰᠡᠨ ᠡᠮᠨᠡᠯᠭᠡ ᠰᠢᠯᠵᠢᠭᠦᠯᠦᠨ ᠡᠮᠨᠡᠭᠦᠯᠬᠦ ᠶᠢ ᠭᠡᠷᠡᠴᠢᠯᠡᠬᠦ ᠮᠠᠲ᠋ᠧᠷᠢᠶᠠᠯ ᠢ ᠬᠤᠶᠠᠳᠤᠭᠠᠷ ᠳᠡᠰ ᠠᠴᠠ ᠳᠡᠭᠡᠭᠰᠢᠬᠢ ᠴᠢᠭ ᠲᠣᠭᠲᠠᠭᠠᠭᠰᠠᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠭᠠᠵᠤ ᠥᠭᠭᠦᠭᠰᠡᠨ ᠣᠶᠢᠷ᠎ᠠ ᠶᠢᠨ ᠭᠤᠷᠪᠠᠨ ᠰᠠᠷ᠎ᠠ ᠶᠢᠨ ᠳᠣᠲᠣᠷᠠᠬᠢ ᠡᠪᠡᠳᠴᠢᠨ ᠤ ᠪᠠᠶᠢᠳᠠᠯ ᠤᠨ ᠣᠨᠣᠰᠢᠯᠠᠯᠲᠠ ᠶᠢᠨ ᠪᠢᠴᠢᠭ ᠢ ᠬᠠᠩᠭᠠᠬᠤ ᠪᠣᠯᠭᠠᠨ ᠥᠭᠡᠷᠡᠴᠢᠯᠡᠵᠦ᠂ ᠣᠨᠳᠣᠤ ᠭᠠᠵᠠᠷ ᠲᠤ ᠡᠪᠡᠳᠴᠢᠨ ᠦᠵᠡᠭᠦᠯᠬᠦ ᠶᠢ ᠡᠮᠨᠡᠯᠭᠡ ᠰᠢᠯᠵᠢᠭᠦᠯᠦᠨ ᠡᠮᠨᠡᠭᠦᠯᠬᠦ ᠶᠢ ᠳᠠᠩᠰᠠᠯᠠᠬᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠲᠦᠭᠦᠮᠴᠢᠯᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号