ᠮᠠᠨᠵᠤᠤᠷ ᠬᠤᠳᠠ ᠶᠢᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠠᠵᠢᠯ ᠤᠷᠤᠭᠰᠢᠳᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2021/12/22
      2021 ᠣᠨ ᠤ 11 ᠳ᠋ᠤᠭᠡᠷ ᠰᠠᠷ᠎ᠠ ᠶᠢᠨ 27 ᠤ ᠡᠳᠦᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠨᠢ ᠨᠠᠮ ᠲᠠᠶᠢᠪᠤᠩ ᠡᠶ᠎ᠡ ᠨᠠᠶᠢᠷᠠᠮᠳᠠᠭᠤ ᠬᠢᠯᠢ ᠶᠢᠨ ᠵᠢᠵᠢᠭ ᠬᠤᠲᠠ ᠮᠠᠨᠵᠤᠤᠷ ᠢ ᠬᠠᠶᠢᠷ᠎ᠠ ᠨᠠᠶᠢᠷ ᠦᠭᠡᠶ ᠳᠠᠭᠠᠷᠢᠵᠤ᠂ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠪᠠᠴᠢᠮ ᠪᠠᠶᠢᠳᠠᠯ ᠲᠠᠢ ᠪᠤᠯᠪᠠ᠂ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠢᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠶᠢᠨ ᠪᠠᠶᠢᠷᠢᠯᠠᠭᠤᠯᠤᠯᠲᠠ ᠶᠢ ᠢᠳᠡᠪᠬᠢᠲᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠢ ᠣᠳᠣᠬᠠᠨ ᠤ ᠬᠠᠮᠤᠭ ᠤᠨ ᠴᠢᠬᠤᠯᠠ ᠠᠵᠢᠯ ᠤᠨ ᠡᠭᠦᠷᠭᠡ ᠪᠠ ᠤᠯᠤᠰ ᠲᠥᠷᠥ ᠶᠢᠨ ᠡᠭᠦᠷᠭᠡ ᠪᠣᠯᠭᠠᠨ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠢᠳᠡᠪᠬᠢᠲᠡᠶ ᠪᠠᠷ ᠳᠣᠭᠢᠷᠠᠭᠤᠯᠤᠨ ᠠᠷᠭᠠᠴᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠦᠵᠡᠯ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠬᠢᠵᠢᠭ ᠤᠨ ᠪᠠᠶᠢᠳᠠᠯ ᠢ ᠡᠰᠡᠷᠭᠦᠴᠡᠬᠦ ᠶᠢᠨ ᠬᠠᠮᠲᠤ᠂ ᠠᠷᠠᠳ ᠤᠨ ᠠᠮᠢᠳᠤᠷᠠᠯ ᠤᠨ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ  ᠦᠢᠯᠡᠴᠢᠯᠡᠭᠡᠨ ᠤ ᠠᠵᠢᠯ ᠢ ᠰᠠᠶᠢᠲᠤᠷ ᠬᠢᠪᠡ᠃
     ᠦᠢᠯᠡᠴᠢᠯᠡᠭᠡᠨ ᠤ ᠲᠢᠩᠬᠢᠮ ᠢ ᠡᠷᠭᠢᠯᠡᠬᠦ ᠪᠠᠨ ᠵᠣᠭᠰᠣᠭᠰᠠᠨ ᠡᠬᠢᠨ ᠤ ᠦᠶ᠎ᠡ ᠳᠤ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠣᠯᠤᠨ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠭᠡᠬᠦ ᠲᠥᠪ ᠤᠨ ᠠᠵᠢᠯᠲᠠᠳ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠸᠢᠴᠠᠲ ᠤᠨ ᠪᠦᠯᠦᠭ᠂ ︽ᠣᠨᠳᠣᠤ ᠭᠠᠵᠠᠷ ᠲᠤ ᠰᠢᠭᠤᠳ ᠨᠡᠪᠲᠡᠷᠡᠬᠦ ︾᠂ ᠦᠢᠯᠡᠴᠢᠯᠡᠭᠡᠨ ᠤ ᠰᠢᠤᠳᠠᠨ ᠤ ᠬᠠᠶᠢᠷᠴᠠᠭ᠂ 24 ᠴᠠᠭ ᠪᠠᠷ ᠤᠲᠠᠰᠤ ᠲᠣᠰᠬᠤ ᠵᠡᠷᠭᠡ ᠬᠡᠯᠪᠡᠷᠢ ᠪᠠᠷ ᠣᠯᠠᠨ ᠲᠦᠮᠡᠨ ᠳᠤ ︽ᠠᠭᠤᠯᠵᠠᠬᠤ ᠥᠬᠡᠶ︾ ᠪᠠᠷ ᠲᠤᠬᠠᠶᠢᠯᠠᠭᠰᠠᠨ ᠠᠵᠢᠯ ᠢ ᠭᠦᠢᠴᠡᠳᠭᠡᠵᠦ ᠥᠭᠴᠡᠶ᠃ ᠭᠡᠪᠡᠴᠦ ᠭᠡᠷ ᠲᠡᠭᠡᠨ ᠠᠵᠢᠯᠯᠠᠬᠤ ᠳᠤ ᠵᠠᠷᠢᠮ ᠬᠢᠵᠠᠭᠠᠷᠯᠠᠯ ᠤᠨ ᠴᠢᠨᠠᠷ ᠲᠠᠢ᠂ ᠵᠢᠱᠢᠶᠡᠯᠡᠪᠡᠯ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠠᠴᠠ ᠪᠣᠯᠵᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠦᠯᠵᠢᠶᠡᠨ ᠳᠡᠭᠡᠷ᠎ᠡ ᠰᠠᠭᠤᠷᠢ ᠮᠥᠩᠭᠦ ᠲᠠᠲᠠᠪᠤᠷᠢᠯᠠᠨ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢᠨ ᠠᠷᠭ᠎ᠠ ᠦᠭᠡᠶ᠂ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠸᠢᠴᠠᠲ ᠤᠨ ᠨᠡᠶᠢᠲᠡ ᠶᠢᠨ ᠳ᠋ᠤᠭᠠᠷ ᠲᠤ ᠪᠤᠶᠤ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠰᠦᠢᠳᠬᠡᠯ ᠲᠤᠰᠢᠶᠠᠬᠤ ᠬᠤᠭᠤᠴᠠᠭ᠎ᠠ ᠨᠢ ᠪᠠᠰᠠ ᠡᠯᠪᠡᠭ ᠪᠠᠶᠢᠬᠤ ᠶᠢ ᠮᠡᠳᠡᠭᠳᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠵᠠᠷᠢᠮ ᠤᠯᠠᠨ ᠲᠦᠮᠡᠨ ᠤ ᠪᠠᠴᠢᠮ ᠪᠠᠶᠢᠳᠠᠯ ᠢ ᠲᠠᠶᠢᠳᠬᠤᠷᠠᠭᠤᠯᠤᠨ ᠨᠠᠮᠳᠠᠭᠤᠯᠤᠭᠰᠠᠨ ᠪᠣᠯᠪᠠᠴᠤ ᠤᠯᠠᠨ ᠲᠦᠮᠡᠨ ᠮᠥᠨ ᠯᠡ ᠡᠮᠴᠢᠯᠡᠭᠡ ᠶᠢᠨ ᠪᠠᠲᠤᠯᠠᠭ᠎ᠠ ᠶᠢᠨ ᠵᠠᠷᠤᠳᠠᠯ ᠢᠶᠠᠨ ᠲᠤᠰᠢᠶᠠᠬᠤ ᠳᠤ ᠲᠦᠪᠡᠭᠳᠡᠢ ᠪᠠᠶᠢᠨ᠎ᠠ᠂ ᠤᠯᠠᠨ ᠲᠦᠮᠡᠨ ᠤ ᠳᠤᠷᠠᠳᠤᠭᠰᠠᠨ ᠱᠠᠭᠠᠷᠳᠠᠯᠭ᠎ᠠ ᠶᠢᠨ ᠡᠮᠦᠨ᠎ᠡ᠂ ᠮᠠᠨᠵᠤᠤᠷ ᠬᠤᠳᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠤᠪᠴᠢᠶ᠎ᠠ ᠴᠠᠭ ᠲᠤᠬᠠᠢ ᠳᠤᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠤᠪᠴᠢᠶ᠎ᠠ ᠲᠠᠢ ᠬᠠᠷᠢᠯᠴᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠳᠡᠮᠵᠢᠯᠭᠡ ᠦᠵᠡᠭᠦᠯᠬᠦ ᠶᠢ ᠭᠤᠶᠤᠴᠢᠯᠠᠵᠠᠢ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠷᠭ᠎ᠠ ᠪᠦᠬᠦᠨ ᠢ ᠰᠦᠪᠡᠭᠴᠢᠯᠡᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠢᠭᠡ ᠯᠡ ᠡᠳᠦᠷ ᠤᠨ ᠬᠤᠭᠤᠴᠠᠭᠠᠨ ᠳᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠮᠠᠨᠵᠤᠤᠷ ᠤᠨ ᠡᠮᠴᠢᠯᠡᠭᠡ ᠶᠢᠨ ᠪᠠᠲᠤᠯᠠᠭ᠎ᠠ ᠶᠢᠨ ᠰᠦᠢᠳᠭᠡᠯ ᠢ ᠲᠠᠲᠠᠪᠤᠷᠢᠯᠠᠨ ᠲᠤᠰᠢᠶᠠᠬᠤ ᠠᠵᠢᠯ ᠳᠤ ᠠᠯᠤᠰ ᠠᠴᠠ ᠡᠵᠡᠮᠳᠡᠬᠦ ᠲᠤᠰᠬᠠᠶ ᠱᠤᠭᠤᠮ ᠤᠨ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠵᠦ᠂ ᠲᠤᠰᠠᠭᠠᠷᠯᠠᠭᠰᠠᠨ ᠠᠵᠢᠯᠲᠠᠨ ᠬᠡᠷ ᠠᠴᠠ ᠪᠠᠨ ᠭᠠᠷᠬᠤ ᠥᠬᠡᠶ ᠪᠠᠷ ᠰᠢᠰᠲ᠋ᠧᠮ ᠤᠨ ᠲᠤᠭ᠎ᠠ ᠪᠠᠷᠢᠮᠲᠠ ᠬᠦᠷᠭᠡᠬᠦ᠂ ᠲᠤᠭ᠎ᠠ ᠪᠠᠷᠢᠮᠲᠠ ᠶᠢᠨ ᠠᠯᠳᠠᠭ᠎ᠠ ᠪᠤᠷᠤᠭᠤ ᠶᠢ ᠢᠯᠭᠠᠨ ᠲᠠᠨᠢᠬᠤ ᠪᠠ ᠵᠠᠯᠠᠷᠠᠭᠤᠯᠬᠤ ᠵᠡᠷᠭᠡ ᠣᠯᠠᠨ ᠵᠦᠢᠯ ᠤᠨ ᠠᠰᠠᠭᠤᠳᠠᠯ ᠢ ᠰᠢᠢᠳᠪᠦᠷᠢᠯᠡᠬᠦ ᠠᠵᠢᠯ ᠢ ᠪᠡᠶᠡᠯᠡᠭᠦᠯᠵᠦ᠂ ᠬᠡᠷ ᠠᠴᠠ ᠪᠠᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠠᠲᠠᠪᠤᠷᠢᠯᠠᠨ ᠲᠤᠰᠢᠶᠠᠬᠤ ᠦᠢᠯᠡᠴᠢᠯᠡᠭᠡᠨ ᠤ ᠠᠷᠭ᠎ᠠ ᠶᠢ ᠪᠡᠶᠡᠯᠡᠭᠦᠯᠦᠭᠰᠡᠨ ᠪᠠᠶᠢᠨ᠎ᠠ᠃ ︽ᠰᠠᠭᠠᠳ ᠥᠬᠡᠶ ᠨᠡᠪᠲᠡᠷᠡᠬᠦ ᠵᠠᠮ︾ ᠤᠨ ᠲᠦᠷᠭᠡᠨ᠂ ᠥᠨᠳᠥᠷ ᠪᠦᠲᠦᠮᠵᠢᠲᠡᠶ ᠵᠡᠷᠭᠡ ᠳᠥᠭᠦᠮ ᠳᠥᠲᠡ ᠴᠢᠳᠠᠮᠵᠢ ᠨᠢ ᠬᠡᠷ ᠲᠡᠭᠡᠨ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠭᠦᠢᠴᠡᠳᠭᠡᠬᠦ ᠶᠢᠨ ᠪᠣᠭᠤᠮᠢ ᠶᠢ ᠪᠦᠲᠦᠮᠵᠢᠲᠡᠶ ᠪᠠᠷ ᠰᠢᠪᠲᠤᠯᠵᠤ᠂ ᠡᠮᠴᠢᠯᠡᠭᠡ ᠪᠠ ᠣᠯᠠᠨ ᠲᠦᠮᠡᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠣᠯᠠᠨ ᠲᠦᠮᠡᠨ ᠤ ︽ᠪᠠᠴᠢᠮ᠂ ᠬᠦᠴᠢᠷ᠂ ᠵᠣᠪᠠᠨᠢᠯ᠂ ᠬᠦᠰᠡᠯ︾ ᠵᠡᠷᠭᠡ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠤ ᠬᠦᠷᠢᠶᠡᠯᠡᠯ ᠢ ᠶᠡᠬᠡᠳᠡ ᠣᠯᠤᠭᠰᠠᠨ ᠪᠠᠶᠢᠨ᠎ᠠ᠃
     ᠮᠠᠨᠵᠤᠤᠷ ᠬᠤᠳᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠤᠪᠴᠢᠶ᠎ᠠ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠠᠵᠢᠯᠯᠠᠭᠠᠨ ᠢ ᠨᠡᠩ ᠤᠷᠤᠭᠰᠢᠲᠠᠢ ᠪᠣᠯᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠤᠪᠴᠢᠶ᠎ᠠ ᠪᠠᠰᠠ ᠲᠤᠰᠬᠠᠢ ᠮᠡᠷᠭᠡᠵᠢᠯ ᠤᠨ ᠢᠨᠵᠧᠨᠧᠷ ᠲᠣᠮᠢᠯᠠᠨ᠂ ᠠᠷᠤ ᠲᠠᠪᠴᠠᠩ ᠤᠨ ᠫᠷᠤᠭ᠍ᠷᠠᠮ ᠤᠨ ᠠᠵᠢᠯᠯᠠᠭᠠᠨ ᠤ ᠪᠠᠶᠢᠳᠠᠯ᠂ ᠰᠦᠯᠵᠢᠶᠡᠨ ᠤ ᠰᠢᠰᠲ᠋ᠧᠮ ᠤᠨ ᠵᠠᠷᠢᠮ ᠲᠦᠭᠵᠢᠷᠡᠯ ᠤᠨ ᠴᠢᠭ ᠪᠣᠯᠤᠨ ᠬᠦᠴᠢᠷ ᠲᠦᠪᠡᠭᠲᠡᠢ ᠡᠯᠳᠡᠪ ᠡᠪᠡᠳᠴᠢᠨ ᠤ ᠠᠰᠠᠭᠤᠳᠠᠯ ᠢ ᠢᠳᠡᠪᠬᠢᠲᠡᠢ ᠠᠩᠬᠠᠷᠴᠤ ᠪᠤᠢ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠦᠴᠦᠲᠡᠶ ᠠᠩᠬᠠᠷᠤᠯ᠂ ᠵᠢᠯᠣᠭᠤᠳᠣᠯᠭ᠎ᠠ ᠬᠠᠪᠰᠤᠷᠤᠯᠭ᠎ᠠ ᠶᠢᠨ ᠳᠣᠤᠷ᠎ᠠ᠂ ᠢᠨᠲ᠋ᠤᠷ ᠰᠦᠯᠵᠢᠶ᠎ᠡ ᠶᠢᠨ ᠤᠶᠤᠨᠴᠢᠯᠠᠬᠤ᠂ ᠲᠥᠬᠦᠮ ᠦᠵᠡᠭᠦᠯᠬᠦ ᠦᠢᠯᠡᠳᠦᠯ ᠢ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠭᠦᠢᠴᠡᠳ ᠪᠠᠳᠠᠷᠠᠭᠤᠯᠪᠠ᠃ ᠮᠠᠨᠵᠤᠤᠷ ᠬᠤᠳᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠤᠪᠴᠢᠶ᠎ᠠ ᠡᠯ᠎ᠡ ᠲᠦᠷᠦᠯ ᠤᠨ ᠲᠤᠬᠠᠶᠢᠯᠠᠭᠰᠠᠨ ᠠᠵᠢᠯ ᠢ ᠭᠠᠷᠳᠠᠨ ᠬᠢᠬᠦ ᠦᠢᠯᠡᠴᠢᠯᠡᠭᠡᠨ ᠤ ᠳᠤᠮᠳᠠ ᠢᠯᠡᠷᠡᠭᠰᠡᠨ ᠬᠦᠴᠢᠷᠳᠡᠯ ᠪᠣᠯᠤᠨ ᠠᠰᠠᠭᠤᠳᠠᠯ ᠢ ᠥᠨᠳᠥᠷ ᠦᠷ᠎ᠡ ᠪᠦᠲᠦᠮᠵᠢᠲᠡᠢ᠂ ᠴᠢᠨᠠᠷ ᠰᠠᠶᠢᠲᠠᠢ ᠰᠢᠢᠳᠪᠦᠷᠢᠯᠡᠪᠡ᠃ 12 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ᠂ ᠬᠢᠨᠠᠨ ᠲᠣᠭᠲᠠᠭᠠᠭᠰᠠᠨ ᠠᠯᠳᠠᠭ᠎ᠠ ᠪᠤᠷᠤᠭᠤ ᠶᠢᠨ ᠪᠠᠷᠢᠮᠲᠠ ᠶᠢ 50 ᠰᠢᠬᠠᠮ ᠪᠤᠴᠠᠭᠠᠨ ᠠᠪᠴᠤ᠂ ᠠᠵᠤ ᠠᠬᠤᠶᠢᠯᠠᠯ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ 150 ᠰᠢᠬᠠᠮ ᠠᠵᠢᠯᠲᠠᠨ ᠤ ᠬᠢᠨᠠᠨ ᠬᠠᠷᠭᠤᠭᠤᠯᠤᠯᠲᠠ ᠶᠢ ᠭᠦᠢᠴᠡᠳᠭᠡᠵᠦ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠳᠤ ᠬᠦᠷᠭᠡᠵᠦ ᠴᠤᠭᠯᠠᠭᠤᠯᠤᠭᠰᠠᠨ ᠮᠡᠳᠡᠭᠡ ᠵᠠᠩᠭᠢ ᠶᠢᠨ ᠲᠤᠭ᠎ᠠ ᠨᠢ 310 ᠪᠣᠯᠵᠠᠶ᠃ ᠡᠭᠦᠨ ᠤ ᠵᠡᠷᠭᠡ ᠳᠤ ᠮᠠᠨᠵᠤᠤᠷ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠤᠪᠴᠢᠶ᠎ᠠ ᠠᠰᠢᠭᠲᠠᠶ ᠪᠠᠶᠢᠳᠠᠯ ᠢ ᠳᠠᠯᠢᠮᠳᠠᠭᠤᠯᠤᠨ ᠡᠮ ᠡᠮᠨᠡᠯᠭᠡ ᠶᠢᠨ ᠳᠠᠭᠠᠳᠬᠠᠯ ᠤᠨ ᠰᠦᠯᠵᠢᠶᠡᠨ ᠳᠡᠭᠡᠷᠡᠬᠢ ᠡᠵᠡᠩᠨᠡᠯᠲᠡ ᠶᠢᠨ ᠲᠢᠩᠬᠢᠮ ᠤᠨ ᠪᠡᠶ᠎ᠡ ᠪᠠᠨ ᠳᠠᠭᠠᠭᠠᠵᠤ ᠬᠢᠨᠠᠨ ᠲᠣᠭᠲᠠᠭᠠᠬᠤ ᠵᠡᠷᠭᠡ ᠲᠤᠬᠠᠶᠢᠯᠠᠭᠰᠠᠨ ᠠᠵᠢᠯ ᠢ ᠤᠯᠠᠮ ᠨᠢᠭᠡ ᠠᠯᠬᠤᠮ ᠤᠬᠠᠭᠤᠯᠤᠨ ᠳᠡᠯᠭᠡᠷᠡᠭᠦᠯᠵᠦ᠂ ᠪᠡᠶ᠎ᠡ ᠪᠠᠨ ᠳᠠᠭᠠᠭᠠᠵᠤ ᠬᠢᠨᠠᠨ ᠲᠣᠭᠲᠠᠭᠠᠬᠤ ᠪᠠᠷ ᠳᠡᠮᠵᠢᠨ  ᠰᠦᠢᠳᠭᠡᠯ ᠲᠤᠰᠢᠶᠠᠭᠠᠳ ᠠᠮᠵᠢᠯᠲᠠ ᠣᠯᠤᠭᠰᠠᠨ ᠠᠵᠤ ᠠᠬᠤᠶᠢᠯᠠᠯ ᠨᠢᠭᠡᠨᠲᠡ 921 ᠪᠣᠯᠵᠣ᠂ ︽ᠨᠢᠭᠡ ᠯᠡ ᠤᠳᠠᠭ᠎ᠠ ᠳᠤ ᠭᠦᠶᠦᠬᠦ︾ ᠪᠠᠶᠢᠭᠰᠠᠨ ᠠᠴᠠ ᠪᠠᠨ ︽ᠨᠢᠭᠡ ᠤᠳᠠᠭ᠎ᠠ ᠴᠦ ᠭᠦᠶᠦᠯᠭᠡᠬᠦ ᠥᠬᠡᠶ︾ ᠪᠣᠯᠵᠣ ᠲᠠᠰ ᠳᠡᠪᠰᠢᠬᠦ ᠶᠢ ᠠᠬᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃      ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠴᠠᠭ ᠤᠨ ᠪᠡᠷᠬᠡ ᠶᠢ ᠬᠠᠮᠲᠤᠪᠠᠷ ᠲᠤᠭᠤᠯᠰᠤᠭᠠᠢ︕ ᠡᠶᠢᠮᠦᠷᠬᠦ ᠨᠢᠭᠡᠨ ᠶᠡᠷᠦ ᠪᠤᠰᠤ ᠶᠢᠨ ᠴᠠᠭ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠤᠪᠴᠢᠶ᠎ᠠ ︽ᠳᠠᠭᠠᠷᠠᠭᠰᠠᠨ ᠬᠥᠮᠦᠨ ᠳᠤ ᠳᠠᠬᠤ ᠬᠦᠷᠭᠡᠵᠦ︾᠂ ᠮᠠᠨᠵᠤᠤᠷ ᠬᠤᠳᠠ ᠳᠤ ᠰᠠᠭᠤᠷᠢ ᠮᠥᠩᠭᠦ ᠲᠠᠲᠠᠪᠤᠷᠢᠯᠠᠨ ᠲᠤᠰᠢᠶᠠᠬᠤ ᠲᠤᠰᠬᠠᠢ ᠲᠦᠷᠦᠯ ᠤᠨ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠨ ᠥᠭᠴᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠷᠠᠳ ᠤᠨ ᠠᠮᠢᠳᠤᠷᠠᠯ ᠤᠨ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠪᠠᠲᠤᠯᠠᠪᠤᠷᠢ ᠶᠢᠨ ᠴᠢᠳᠠᠪᠤᠷᠢ ᠶᠢ ᠥᠨᠳᠥᠷ ᠪᠦᠲᠦᠮᠵᠢᠲᠡᠢ ᠳᠡᠭᠡᠭᠰᠢᠯᠡᠭᠦᠯᠵᠡᠢ᠃ ᠮᠠᠨᠵᠤᠤᠷ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠤᠪᠴᠢᠶ᠎ᠠ ᠶᠢᠨ ᠪᠥᠬᠦ ᠺᠠᠳ᠋ᠷ ᠠᠵᠢᠯᠲᠠᠨ ᠢ ᠵᠣᠷᠢᠭᠵᠢᠭᠤᠯᠤᠨ ᠱᠠᠭᠠᠷᠳᠠᠵᠤ ᠪᠠᠶᠢᠭᠠᠳ ᠨᠠᠩ ᠢᠲᠡᠭᠡᠯ ᠵᠣᠷᠢᠭ᠂ ᠡᠷᠡᠰ ᠵᠣᠷᠢᠭ ᠢᠶᠠᠨ ᠪᠠᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠳᠤ ᠰᠠᠭᠠᠳ ᠥᠬᠡᠶ ᠂ ᠳᠥᠭᠦᠮ ᠳᠥᠲᠡ ᠰᠢᠯᠢᠳᠡᠭ ᠦᠢᠯᠡᠴᠢᠯᠡᠭᠡᠨ ᠤ ᠲᠠᠪᠴᠠᠩ ᠢ ᠴᠢᠷᠮᠠᠶᠢᠨ ᠪᠠᠶᠢᠭᠤᠯᠵᠤ᠂ ᠲᠣᠰ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠪᠠᠶᠢᠯᠳᠤᠭᠠᠨ᠂ ᠰᠥᠨᠥᠭᠡᠬᠦ ᠪᠠᠶᠢᠯᠳᠤᠭᠠᠨ ᠤ ᠢᠯᠠᠯᠲᠠ ᠶᠢ ᠤᠯᠬᠤ ᠳᠤ ᠬᠦᠴᠦᠨ ᠴᠢᠳᠠᠯ ᠢᠶᠠᠨ ᠡᠷᠭᠦᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号