ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ ᠡᠮᠴᠢᠯᠡᠭᠡ ᠶᠢᠨ ᠪᠠᠳᠤᠯᠠᠭ᠎ᠠ ᠶᠢᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠢ ᠦᠷᠨᠢᠭᠦᠯᠦᠶ᠎ᠡ
ᠨᠡᠶᠢᠲᠡᠯᠡᠭᠰᠡᠨ ᠴᠠᠭ᠄
2021/12/26
      12 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠲᠤᠰᠬᠠᠶ ᠰᠡᠳᠦᠪᠲᠦ ᠲᠠᠶᠢᠯᠤᠮᠵᠢ ᠡᠷᠭᠢᠯᠡᠵᠦ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨ ᠢ ᠡᠮᠴᠢᠯᠡᠭᠡᠨ ᠤ ᠪᠠᠲᠤᠯᠠᠭ᠎ᠠ ᠶᠢᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠬᠦ ᠲᠤᠬᠠᠶ ᠳᠠᠶᠢᠴᠢᠯᠠᠯᠲᠠ ᠪᠠᠶᠢᠷᠢᠯᠠᠭᠤᠯᠤᠯᠲᠠ ᠬᠢᠪᠠ᠃      ᠲᠠᠶᠢᠯᠤᠮᠵᠢ ᠳᠤ ᠳᠤᠮᠳᠠᠳᠤ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠵᠠᠬᠢᠷᠤᠯ ᠮᠠ ᠬᠤᠸᠠᠢ ᠳ᠋ᠧ ᠫᠷᠤᠹᠧᠰᠰᠤᠷ ᠤᠨ ︽ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠭᠤᠣᠯ ᠴᠢᠬᠤᠯᠠ ᠠᠭᠤᠯᠭ᠎ᠠ︾ ᠭᠡᠬᠦ ᠬᠢᠴᠢᠶᠡᠯ ᠢ ᠸᠢᠳᠢᠣ᠋ ᠶᠢ ᠨᠡᠪᠲᠡᠷᠡᠭᠦᠯᠵᠡᠢ᠃
     ᠡᠨᠡ ᠤᠳᠠᠭᠠᠨ ᠤ ᠪᠣᠯᠪᠠᠰᠤᠷᠠᠯ ᠰᠤᠷᠤᠯᠴᠠᠯᠭ᠎ᠠ ᠪᠠᠷ ᠳᠡᠮᠵᠢᠨ᠂ ᠤᠳᠤᠷᠢᠳᠬᠤ ᠺᠠᠳ᠋ᠷᠴᠤᠳ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠭᠤᠣᠯ ᠴᠢᠬᠤᠯᠠ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ ᠤᠨ ᠲᠤᠬᠠᠶ ᠣᠶᠢᠯᠠᠭᠠᠯᠲᠠ ᠪᠠᠨ ᠨᠡᠮᠡᠭᠳᠡᠭᠦᠯᠵᠦ᠂ ︽ᠳᠥᠷᠪᠡᠨ ᠤᠬᠠᠮᠰᠠᠷ︾ ᠢ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠪᠣᠳᠠᠲᠠᠶ ᠠᠰᠠᠭᠤᠳᠠᠯ ᠢ ᠨᠠᠩ ᠤᠬᠠᠮᠰᠠᠷ ᠠᠴᠠ ᠪᠠᠨ ᠵᠢᠯᠣᠭᠤᠳᠤᠨ ᠰᠢᠢᠳᠪᠦᠷᠢᠯᠡᠵᠦ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠡᠮ ᠡᠮᠨᠡᠯᠭᠡ ᠶᠢᠨ ᠳᠠᠭᠠᠳᠬᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠨᠠᠮᠳᠠᠭᠤᠯᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠲᠦᠭᠰᠢᠭᠦᠷᠢ ᠶᠢ ᠠᠷᠭᠠᠴᠠᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠪᠤᠯᠤᠨ᠎ᠠ᠃
     ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶ᠎ᠠ ᠶᠢᠨ ᠳᠠᠷᠤᠭ᠎ᠠ ᠶᠢᠨ ᠮᠠᠨ ᠢ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠮᠥᠨ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠡᠮ ᠡᠮᠨᠡᠯᠭᠡ ᠶᠢᠨ ᠳᠠᠭᠠᠳᠬᠠᠯ ᠤᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠬᠥᠮᠦᠵᠢᠯ ᠤᠨ ᠪᠦᠬᠦ ᠶᠠᠪᠤᠴᠠ ᠪᠣᠯᠤᠨ ᠡᠯ᠎ᠡ ᠲᠠᠯ᠎ᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠡᠷᠡ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠬᠢᠨ ᠡᠮ ᠡᠮᠨᠡᠯᠭᠡ ᠶᠢᠨ ᠳᠠᠭᠠᠳᠬᠠᠯ ᠤᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠳᠤ ᠲᠣᠭᠲᠠᠭᠠᠭᠰᠠᠨ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠵᠤ᠂ ᠠᠷᠭ᠎ᠠ ᠬᠡᠮᠵᠢᠶ᠎ᠡ ᠶᠢᠨ ᠪᠠᠲᠤᠯᠠᠭ᠎ᠠ ᠶᠢ ᠴᠢᠩᠭᠠᠳᠬᠠᠨ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠥᠬᠦ ᠬᠥᠮᠦᠰ᠂ ᠪᠠᠶᠢᠭᠤᠯᠭ᠎ᠠ ᠶᠢᠨ ᠭᠠᠵᠠᠷ ᠬᠡᠷ᠂ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ ᠵᠢᠴᠢ ᠭᠤᠤᠯᠯᠠᠭᠴᠢ ᠲᠥᠯᠥᠭᠡᠯᠡᠭᠴᠢ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号