ᠡᠯ᠎ᠡ ᠡᠮ ᠲᠠᠩ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ | ᠠᠬᠤᠶᠢᠯᠠᠯ ᠳᠤ᠄ | ᠰᠦᠯᠵᠢᠶᠡᠨ ᠳᠤ ᠬᠤᠯᠪᠤᠭᠰᠠᠨ ᠡᠮ ᠲᠠᠩ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ᠢ ᠤᠯᠠᠮ ᠨᠢᠭᠡ ᠠᠯᠬᠤᠮ | ᠳᠥᠭᠦᠮᠴᠢᠯᠡᠵᠦ᠂ ᠬᠠᠷᠭᠤᠭᠤᠯᠤᠨ ᠪᠠᠶᠢᠴᠠᠭᠠᠬᠤ ᠴᠠᠭ ᠤᠨ ᠬᠢᠵᠠᠭᠠᠷ ᠢ ᠪᠣᠭᠤᠨᠢᠰᠬᠠᠨ᠂ ᠠᠵᠢᠯ ᠤᠨ | ᠪᠣᠳᠠᠲᠠᠶ ᠲᠠᠢ ᠪᠠᠨ ᠤᠶᠠᠯᠳᠤᠭᠤᠯᠬᠤ ᠶᠢᠨ ᠲᠤᠰᠠᠳᠠ᠂ ᠡᠳᠦᠭᠡ ᠮᠠᠨ ᠤ ᠬᠤᠲᠠ ᠶᠢᠨ ᠡᠮ ᠲᠠᠩ ᠪᠠ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠠᠷᠭᠤᠭᠤᠯᠤᠨ ᠪᠠᠶᠢᠴᠠᠭᠠᠬᠤ | ᠠᠵᠢᠯ ᠳᠤ ᠲᠣᠬᠢᠷᠠᠭᠤᠯᠤᠯᠲᠠ ᠬᠢᠪᠠ᠃ | ᠨᠢᠭᠡ᠂ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠠᠷᠭᠤᠭᠤᠯᠤᠨ ᠰᠢᠯᠭᠠᠬᠤ ᠮᠠᠲ᠋ᠧᠷᠢᠶᠠᠯ ᠢ ᠳᠥᠭᠦᠮᠴᠢᠯᠡᠨ᠎ᠡ | ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠠᠷᠭᠤᠭᠤᠯᠤᠨ ᠪᠠᠶᠢᠴᠠᠭᠠᠬᠤ ᠳᠤ ᠬᠠᠩᠭᠠᠬᠤ ᠮᠠᠲ᠋ᠧᠷᠢᠶᠠᠯ᠄ ᠡᠮ | ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠨᠠᠶᠢᠳᠠᠯᠭ᠎ᠠ ᠶᠢᠨ ᠳᠣᠭᠢᠷᠠᠭᠤᠯᠤᠨ ᠬᠦᠷᠭᠡᠬᠦ ᠵᠥᠪᠯᠡᠯᠴᠡᠭᠡᠷ ᠪᠤᠶᠤ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠢᠯᠡ ᠪᠠᠷ ᠬᠤᠳᠠᠯᠳᠤᠨ ᠠᠪᠬᠤ ᠰᠦᠯᠵᠢᠶᠡᠨ ᠳᠤ ᠬᠤᠯᠪᠤᠭᠰᠠᠨ | ᠦᠢᠯᠡᠳᠭᠦᠨ ᠢ ᠨᠠᠶᠢᠳᠠᠯᠭ᠎ᠠ ᠶᠢᠨ ᠳᠣᠭᠢᠷᠠᠭᠤᠯᠤᠨ ᠬᠦᠷᠭᠡᠬᠦ ᠵᠥᠪᠯᠡᠯᠴᠡᠭᠡᠷ ︵ᠵᠥᠪᠳᠡᠯᠴᠡᠬᠡᠷ ᠤᠨ ᠵᠠᠭᠪᠤᠷ ᠢ | ᠬᠤᠪᠢᠷᠠᠭᠤᠯᠤᠭᠰᠠᠨ ᠥᠬᠡᠶ︶᠃ | ᠬᠤᠶᠠᠷ᠂ ᠮᠡᠳᠡᠭᠦᠯᠦᠨ ᠬᠦᠷᠭᠡᠬᠦ ᠠᠷᠭ᠎ᠠ ᠮᠠᠶ᠋ᠢᠭ ᠢᠶᠠᠨ ᠬᠤᠪᠢᠷᠠᠭᠤᠯᠬᠤ | ᠤᠤᠯ ᠤᠨ ᠲᠤᠬᠠᠢ ᠶᠢᠨ ᠲᠠᠯᠠᠪᠠᠢ ᠳᠤ ᠴᠠᠭᠠᠰᠤᠨ ᠮᠠᠲ᠋ᠧᠷᠢᠶᠠᠯ ᠢ ᠮᠡᠳᠡᠭᠦᠯᠦᠨ ᠬᠦᠷᠭᠡᠵᠦ ᠪᠠᠶᠢᠭᠰᠠᠨ ᠠᠴᠠ ᠨᠢ | ᠡᠯᠧᠺᠲᠷᠣᠨ ᠰᠢᠦᠳᠠᠨ ᠤ ᠬᠡᠯᠪᠡᠷᠢ ᠪᠠᠷ ᠨᠠᠶᠢᠳᠠᠯᠭ᠎ᠠ ᠶᠢᠨ ᠵᠥᠪᠯᠡᠯᠴᠡᠭᠡᠷ ᠤᠨ PDF ᠡᠯᠧᠺᠲᠷᠣᠨ ᠬᠡᠪᠯᠡᠯ ᠢ | ᠮᠡᠳᠡᠭᠦᠯᠦᠨ ᠬᠦᠷᠭᠡᠬᠦ ᠪᠣᠯᠭᠠᠨ ᠬᠤᠪᠢᠷᠠᠭᠤᠯᠪᠠ᠃ | ᠭᠤᠷᠪᠠ᠂ ᠪᠣᠳᠠᠲᠠᠶ ᠱᠠᠭᠠᠷᠳᠠᠯᠭ᠎ᠠ | ︵ᠨᠢᠭᠡ︶ ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ | ᠨᠠᠶᠢᠳᠠᠯᠭ᠎ᠠ ᠶᠢᠨ ᠳᠣᠭᠢᠷᠠᠭᠤᠯᠤᠨ ᠬᠦᠷᠭᠡᠬᠦ ᠵᠥᠪᠯᠡᠯᠴᠡᠭᠡᠷ ᠲᠣᠭᠲᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ | ᠣᠷᠣᠨ ᠤ ᠡᠮ ᠲᠠᠩ ᠬᠤᠳᠠᠯᠳᠤᠨ ᠠᠪᠬᠤ ᠲᠠᠪᠴᠠᠩ ᠪᠤᠶᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ | ᠲᠠᠪᠴᠠᠩ ᠳᠤ ᠪᠣᠳᠠᠲᠠᠶ ᠦᠢᠯᠡᠳᠭᠦᠨ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠪᠠᠶᠢᠭᠤᠯᠵᠤ᠂ ᠳᠠᠷᠠᠭ᠎ᠠ ᠨᠢ ᠳᠠᠭᠢᠵᠤ | ᠨᠠᠶᠢᠳᠠᠯᠭ᠎ᠠ ᠶᠢᠨ ᠵᠥᠪᠯᠡᠯᠴᠡᠭᠡᠷ ᠤᠨ ᠡᠯᠧᠺᠲᠷᠣᠨ ᠬᠡᠪᠯᠡᠯ ᠢ ᠰᠢᠤᠳᠠᠨ ᠤ ᠬᠠᠶᠢᠷᠴᠠᠭ ᠲᠤ ᠮᠡᠳᠡᠭᠦᠯᠦᠨ ᠬᠦᠷᠭᠡᠬᠦ | ᠬᠡᠷᠡᠭᠲᠡᠶ᠃ | ︵ᠬᠤᠶᠠᠷ︶ ᠵᠥᠪᠳᠡᠯᠴᠡᠬᠡᠷ ᠤᠨ ᠠᠭᠤᠯᠭ᠎ᠠ ᠳᠤ ᠭᠠᠷ ᠤᠨ ᠥᠰᠥᠭ ᠨᠢ ᠲᠣᠳᠣᠷᠬᠠᠶ ᠪᠠᠶᠢᠬᠤ ᠶᠢ ᠱᠠᠭᠠᠷᠳᠠᠵᠤ | ᠂ ᠣᠪᠣᠭ ᠨᠡᠷ᠎ᠡ᠂ ᠲᠠᠭᠯᠠᠨ ᠮᠡᠳᠡᠭᠦᠯᠦᠭᠰᠡᠨ ᠡᠳᠦᠷ ᠬᠤᠭᠤᠴᠠᠭ᠎ᠠ ᠵᠡᠷᠭᠡ ᠪᠣᠶ ᠪᠥᠬᠦᠶ ᠲᠥᠷᠥᠯ ᠵᠦᠢᠯ ᠳᠤ | ᠬᠤᠭᠤᠰᠣᠨ ᠦᠯᠡᠳᠡᠭᠡᠬᠦ ᠥᠬᠡᠶ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠬᠤ | ᠬᠡᠷᠡᠭᠲᠡᠶ᠃ PDF ᠡᠯᠧᠺᠲᠷᠣᠨ ᠰᠢᠷᠪᠢᠯᠲᠡ ᠶᠢᠨ ᠮᠠᠲ᠋ᠧᠷᠢᠶᠠᠯ ᠤᠨ ᠠᠭᠤᠯᠭ᠎ᠠ ᠶᠢ ᠲᠣᠳᠣᠷᠬᠠᠶ ᠲᠠᠨᠢᠬᠤ ᠬᠡᠷᠡᠭᠲᠡᠶ ︵ | ᠬᠡᠷᠡᠯ ᠵᠢᠷᠤᠭ ᠤᠨ ᠵᠠᠭᠪᠤᠷ ᠤᠨ ᠶᠡᠭᠡ ᠪᠠᠭ᠎ᠠ ᠶᠢ 1M ᠠᠴᠠ ᠳᠡᠭᠡᠭᠰᠢ ᠪᠠᠶᠢᠯᠭᠠᠬᠤ ᠬᠡᠷᠡᠭᠲᠡᠶ︶᠂ ᠪᠢᠴᠢᠭ | ᠮᠠᠲ᠋ᠧᠷᠢᠶᠠᠯ ᠤᠨ ᠨᠡᠷᠡᠶᠢᠳᠦᠯ ᠤᠨ ᠵᠠᠭᠪᠤᠷ ᠨᠢ ︽ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠶᠢᠳᠦᠯ + | ᠦᠢᠯᠡᠳᠪᠦᠷᠢᠯᠡᠯ ᠤᠨ ᠠᠵᠤ ᠠᠬᠤᠶᠢᠯᠠᠯ ᠤᠨ ᠨᠡᠷᠡᠶᠢᠳᠦᠯ + ᠮᠡᠳᠡᠭᠦᠯᠦᠨ ᠬᠦᠷᠭᠡᠬᠦ ᠣᠨ ᠰᠠᠷ᠎ᠠ ᠡᠳᠦᠷ︾ ᠪᠣᠯᠤᠨ᠎ᠠ᠃ | ᠵᠢᠱᠢᠶ᠎ᠡ᠄ A ᠺᠣᠮᠫᠠᠨᠢ + B ᠺᠣᠮᠫᠠᠨᠢ 20210926 | ︵ᠭᠤᠷᠪᠠ︶ ᠬᠡᠷᠪᠡ ᠴᠠᠭᠠᠰᠤᠨ ᠮᠠᠲ᠋ᠧᠷᠢᠶᠠᠯ ᠤᠨ ᠨᠠᠶᠢᠳᠠᠯᠭ᠎ᠠ ᠶᠢᠨ ᠲᠣᠬᠢᠷᠠᠭᠤᠯᠤᠨ ᠬᠦᠷᠭᠡᠬᠦ | ᠬᠡᠯᠡᠯᠴᠡᠭᠡᠷ ᠲᠠᠬᠢ ᠦᠢᠯᠡᠳᠬᠦᠨ ᠨᠢ ᠨᠡᠯᠢᠶᠡᠳ ᠠᠷᠪᠢᠨ ᠪᠠᠶᠢᠪᠠᠯ᠂ ᠬᠤᠳᠠᠯᠳᠤᠨ ᠠᠪᠬᠤ ᠲᠠᠪᠴᠠᠩ ᠳᠠᠬᠢ ᠬᠢᠨᠠᠨ | ᠬᠠᠷᠭᠤᠭᠤᠯᠬᠤ ᠪᠠᠷ ᠪᠠᠶᠢᠭ᠎ᠠ ᠪᠣᠳᠠᠲᠠᠶ ᠦᠢᠯᠡᠳᠬᠦᠨ ᠢ ᠲᠣᠳᠣᠷᠬᠠᠶᠢᠯᠠᠬᠤ ᠴᠢᠬᠤᠯᠠᠲᠠᠶ ᠪᠠᠶᠢᠵᠤ᠂ ᠠᠵᠢᠯᠳᠠᠨ ᠤ ᠬᠢᠨᠠᠨ | ᠰᠢᠯᠭᠠᠬᠤ ᠶᠢ ᠤᠷᠤᠭᠰᠢᠲᠠᠶ ᠪᠡᠶᠡᠯᠡᠭᠦᠯᠬᠦ ᠳᠤ ᠲᠦᠭᠦᠮ ᠦᠵᠡᠭᠦᠯᠦᠨ᠎ᠡ᠃ | ︵ᠳᠥᠷᠪᠡ︶ ᠲᠣᠰ ᠮᠡᠳᠡᠭᠳᠡᠯ ᠢ ᠪᠢᠴᠢᠭ ᠮᠠᠲ᠋ᠧᠷᠢᠶᠠᠯ ᠢ ᠪᠠᠭᠤᠯᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠂ ᠡᠭᠦᠨ ᠠᠴᠠ ᠡᠮᠦᠨ᠎ᠡ ᠨᠢᠭᠡᠨᠲᠡ ᠳᠣᠭᠢᠷᠠᠭᠤᠯᠤᠨ ᠬᠦᠷᠭᠡᠬᠦ ᠬᠡᠯᠡᠯᠴᠡᠭᠡᠷ ᠲᠣᠭᠲᠠᠭᠰᠠᠨ ᠪᠥᠭᠡᠳ | ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠢᠩᠬᠢᠮ ᠳᠤ ᠬᠦᠷᠭᠡᠭᠰᠡᠨ ᠪᠠᠶᠢᠪᠠᠯ᠂ | ᠡᠯᠧᠺᠲᠷᠣᠨ ᠬᠡᠪᠯᠡᠯ ᠤᠨ ᠮᠠᠲ᠋ᠧᠷᠢᠶᠠᠯ ᠢ ᠳᠠᠭᠢᠵᠤ ᠮᠡᠳᠡᠭᠦᠯᠦᠨ ᠬᠦᠷᠭᠡᠬᠦ ᠴᠢᠬᠤᠯᠠ ᠥᠬᠡᠶ᠃ | | ᠬᠤᠲᠠ ᠶᠢᠨ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠤᠨ ᠤᠲᠠᠰᠤ᠄ 0476 — 8781093 | | ᠬᠦᠯᠢᠶᠡᠨ ᠠᠪᠬᠤ ᠮᠠᠲ᠋ᠧᠷᠢᠶᠠᠯ ᠡᠯᠧᠺᠲᠷᠣᠨ ᠰᠢᠦᠳᠠᠨ ᠬᠠᠶᠢᠷᠴᠠᠭ᠄ cfsyczx@163.com | ᠤᠯᠠᠭᠠᠨᠬᠠᠳᠠ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | 2021 ᠣᠨ ᠤ 12 ᠳ᠋ᠤᠭᠠᠷ ᠰᠠᠷ᠎ᠠ ᠶᠢᠨ 2 ᠤ ᠡᠳᠦᠷ |