ᠰᠢᠨ᠎ᠡ ᠲᠢᠲᠢᠮᠯᠢᠭ ᠸᠢᠷᠦ᠋ᠰ ᠢ ᠪᠠᠶᠢᠴᠠᠭᠠᠨ ᠰᠢᠯᠭᠠᠬᠤ ᠦᠨ᠎ᠡ ᠬᠠᠩᠰᠢ ᠪᠠ ᠵᠠᠷᠤᠳᠠᠯ ᠢ ᠲᠣᠬᠢᠷᠠᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/6
ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ᠄      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠣᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠤᠨ ᠪᠠᠭᠠᠰᠬᠠᠬᠤ ᠶᠢᠨ ᠲᠦᠯᠦᠭᠡ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠶᠢᠨ ᠡᠮᠴᠢᠯᠡᠭᠡᠨ ᠤ ᠠᠪᠤᠷᠠᠨ ᠵᠠᠰᠠᠬᠤ ᠳᠤᠭᠤᠶᠢᠯᠠᠩ ᠤᠨ ︽ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠦᠨ᠎ᠡ ᠬᠠᠩᠰᠢ ᠪᠠ ᠵᠠᠷᠤᠳᠠᠯ ᠢ ᠤᠯᠠᠮ ᠨᠢᠭᠡ ᠠᠯᠬᠤᠮ ᠪᠠᠭᠤᠷᠠᠭᠤᠯᠬᠤ ᠲᠤᠬᠠᠶ ᠮᠡᠳᠡᠭᠳᠡᠯ︾ ︵ᠡᠮᠴᠢᠯᠡᠭᠡᠨ ᠪᠠᠳᠤᠯᠠᠭ᠎ᠠ ᠠᠯᠪᠠᠨ ᠲᠠᠷᠬᠠᠭᠠᠭᠰᠠᠨ ﹇2021﹈ 45 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠰᠤᠳᠤᠯᠬᠤ ᠪᠠᠷ ᠳᠡᠮᠵᠢᠨ᠂ ᠰᠢᠨ᠎ᠡ ᠲᠢᠲᠢᠮᠯᠢᠭ ᠸᠢᠷᠦ᠋ᠰ ᠢ ᠪᠠᠶᠢᠴᠠᠭᠠᠨ ᠬᠡᠮᠵᠢᠬᠦ ᠲᠥᠷᠥᠯ ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠪᠥᠬᠦ ᠣᠷᠣᠨ ᠤ ᠰᠢᠨ᠎ᠡ ᠲᠢᠳᠢᠮᠯᠢᠭ ᠸᠢᠷᠦ᠋ᠰ ᠤᠨ ᠪᠥᠭᠡᠮ ᠬᠦᠴᠢᠯ ᠤᠨ 1 ᠬᠥᠮᠦᠨ ᠳᠤ 1 ᠪᠠᠶᠢᠴᠠᠭᠠᠨ ᠰᠢᠯᠭᠠᠬᠤ ᠲᠥᠷᠥᠯ ᠵᠦᠢᠯ ᠤᠨ ᠦᠨ᠎ᠡ ᠬᠠᠩᠰᠢ ᠶᠢ 35 ᠲᠥᠭᠦᠷᠢᠭ / ᠬᠥᠮᠦᠨ ᠤᠳᠠᠭ᠎ᠠ ᠪᠣᠯᠭᠠᠨ ᠳᠣᠭᠢᠷᠠᠭᠤᠯᠵᠤ᠂ ᠰᠦᠢᠳᠭᠡᠯ ᠬᠤᠷᠢᠶᠠᠬᠤ ᠪᠠᠷᠢᠮᠵᠢᠶ᠎ᠠ ᠳᠤ ᠬᠠᠮᠢᠶ᠎ᠠ ᠪᠥᠬᠦᠶ ᠬᠤᠷᠣᠭᠳᠠᠯ ᠮᠠᠲ᠋ᠧᠷᠢᠶᠠᠯ᠂ ᠲᠤᠷᠰᠢᠯᠲᠠ ᠶᠢᠨ ᠡᠳ᠋ ᠢ ᠭᠠᠷᠭᠠᠨ ᠠᠪᠬᠤ ᠵᠡᠷᠭᠡ ᠵᠠᠷᠤᠳᠠᠯ ᠪᠠᠭᠲᠠᠨ᠎ᠠ᠃ 10 ᠬᠤᠪᠢ ᠶᠢᠨ ᠨᠡᠶᠢᠯᠡᠮᠡᠯ ᠢ 1 ᠪᠠᠶᠢᠴᠠᠭᠠᠨ ᠰᠢᠯᠭᠠᠬᠤ᠂ 5 ᠬᠤᠪᠢ ᠶᠢᠨ ᠨᠡᠶᠢᠯᠡᠮᠡᠯ ᠢ 1 ᠪᠠᠶᠢᠴᠠᠭᠠᠨ ᠰᠢᠯᠭᠠᠬᠤ ᠳᠤ ᠨᠢᠭᠡᠳᠦᠯᠲᠡᠶ 8 ᠲᠥᠭᠦᠷᠢᠭ / ᠬᠥᠮᠦᠨ ᠤᠳᠠᠭ᠎ᠠ ᠪᠣᠯᠭᠠᠨ ᠳᠣᠭᠢᠷᠠᠭᠤᠯᠤᠨ᠎ᠠ᠃ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠰᠡᠷᠭᠦᠴᠡᠭᠴᠢ ᠶᠢ ᠪᠠᠶᠢᠴᠠᠭᠠᠨ ᠰᠢᠯᠭᠠᠬᠤ︾ ᠲᠥᠷᠥᠯ ᠵᠦᠢᠯ ᠤᠨ ᠦᠨ᠎ᠡ ᠬᠠᠩᠰᠢ ᠶᠢ 20 ᠲᠥᠭᠦᠷᠢᠭ / ᠵᠦᠢᠯ ᠪᠣᠯᠭᠠᠨ ᠲᠤᠬᠢᠷᠠᠭᠤᠯᠤᠨ᠎ᠠ᠃      ᠭᠤᠷᠪᠠᠳᠠᠬᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠨᠢ ᠪᠥᠭᠡᠮ ᠬᠦᠴᠢᠯ ᠤᠨ ᠪᠠᠶᠢᠴᠠᠭᠠᠨ ᠰᠢᠯᠭᠠᠬᠤ  ᠦᠢᠯᠡᠴᠢᠯᠡᠭᠡ ᠬᠠᠩᠭᠠᠬᠤ ᠳᠤ᠂ ᠦᠨ᠎ᠡ ᠲᠣᠭᠲᠠᠭᠠᠬᠤ ᠳᠠᠭᠠᠨ ︽ᠲᠥᠪ ᠭᠤᠤᠯᠴᠢ᠂ ᠬᠠᠤᠯᠢ ᠳᠤ ᠨᠡᠶᠢᠴᠡᠬᠦ ᠪᠠ ᠦᠨᠡᠨᠴᠢ ᠢᠲᠡᠭᠡᠮᠵᠢᠲᠡᠶ ᠪᠠᠶᠢᠬᠤ︾ ᠵᠠᠷᠴᠢᠮ ᠢ ᠵᠢᠷᠤᠮᠯᠠᠵᠤ᠂ ᠪᠡᠯᠡ ᠪᠠᠨ ᠪᠠᠲᠤᠯᠠᠨ ᠶᠠᠯᠢᠮᠬᠠᠨ ᠠᠰᠢᠭ  ᠲᠠᠢ ᠪᠠᠶᠢᠵᠦ ᠪᠤᠯᠤᠨ᠎ᠠ᠃      ᠬᠤᠶᠠᠷ᠂ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ︾ ᠳᠤ ᠲᠣᠭᠠᠴᠠᠭᠳᠠᠪᠠᠯ᠂ ᠲᠣᠭᠲᠠᠭᠠᠯ ᠶᠣᠰᠣᠭᠠᠷ ᠤᠯᠠᠨ ᠬᠥᠮᠦᠨ ᠬᠤᠯᠢᠯᠳᠤᠭᠤᠯᠤᠨ ᠪᠠᠶᠢᠴᠠᠭᠠᠬᠤ ᠠᠷᠭ᠎ᠠ ᠶᠢ ᠬᠡᠷᠡᠭᠯᠡᠨ᠎ᠡ︔ ︽ᠪᠠᠶᠢᠴᠠᠭᠠᠬᠤ ᠳᠤᠷᠠᠲᠠᠶ ᠪᠦᠬᠦᠨ ᠢ ᠪᠠᠶᠢᠴᠠᠭᠠᠬᠤ︾ ᠳᠤ ᠬᠠᠷᠢᠶᠠᠯᠠᠭᠳᠠᠬᠤ ᠮᠥᠷᠲᠡᠭᠡᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠨᠢᠭᠡ ᠡᠳᠦᠷ ᠤᠨ ᠪᠠᠶᠢᠴᠠᠭᠠᠨ ᠰᠢᠯᠭᠠᠭᠰᠠᠨ ᠬᠥᠮᠦᠨ ᠤ ᠲᠤᠭ᠎ᠠ ᠨᠢ ᠨᠡᠯᠢᠶᠡᠳ ᠣᠯᠠᠨ ᠪᠠᠶᠢᠪᠠᠯ᠂ ᠣᠯᠠᠨ ᠬᠥᠮᠦᠨ ᠢ ᠬᠤᠯᠢᠯᠳᠤᠭᠤᠯᠤᠨ ᠪᠠᠶᠢᠴᠠᠭᠠᠵᠤ ᠪᠣᠯᠤᠨ᠎ᠠ᠂ ᠪᠠᠰᠠ ᠭᠠᠭᠴᠠ ᠬᠥᠮᠦᠨ ᠤ ᠲᠠᠩ ᠢᠶᠠᠷ ᠪᠠᠶᠢᠴᠠᠭᠠᠬᠤ ᠠᠷᠭ᠎ᠠ ᠮᠠᠶ᠋ᠢᠭ ᠢᠶᠠᠷ ᠪᠠᠶᠢᠴᠠᠭᠠᠨ ᠰᠢᠯᠭᠠᠬᠤ ᠶᠢᠨ ᠬᠠᠮᠲᠤ ᠰᠦᠢᠳᠭᠡᠯ ᠪᠤᠳᠤᠵᠤ ᠪᠣᠯᠤᠨ᠎ᠠ᠃ ᠬᠢᠯᠢ ᠳᠤ ᠣᠷᠣᠵᠤ ᠢᠷᠡᠭᠰᠡᠳ᠂ ᠨᠢᠭᠲᠠ ᠣᠶᠢᠷᠠᠲᠤᠭᠰᠠᠳ ᠵᠡᠷᠭᠡ ᠠᠶᠤᠯ ᠲᠦᠭᠰᠢᠭᠦᠷᠢ ᠶᠡᠬᠡᠲᠡᠶ ᠤᠷᠤᠨ ᠤ ᠬᠥᠮᠦᠰ ᠢ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠤ ᠭᠠᠭᠴᠠ ᠬᠥᠮᠦᠨ ᠤ ᠲᠠᠩᠭᠠᠷ ᠪᠠᠶᠢᠴᠠᠭᠠᠬᠤ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃      ᠭᠤᠷᠪᠠ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠪᠥᠭᠡᠮ ᠬᠦᠴᠢᠯ ᠤᠨ ᠪᠠᠶᠢᠴᠠᠭᠠᠨ ᠰᠢᠯᠭᠠᠬᠤ  ᠦᠢᠯᠡᠴᠢᠯᠡᠭᠡ ᠬᠠᠩᠭᠠᠬᠤ ᠳᠠᠭᠠᠨ᠂ ᠲᠤᠰᠬᠠᠶ ᠴᠣᠩᠬᠤ ᠳᠣᠭᠢᠷᠠᠭᠤᠯᠤᠨ᠂ ᠲᠤᠰᠠᠭᠠᠷ ᠣᠷᠣᠨ ᠪᠦᠰᠡ ᠶᠢ ᠨᠡᠭᠡᠭᠡᠵᠦ᠂ ᠳᠣᠲᠣᠭᠠᠳᠤ ᠶᠢᠨ ᠬᠠᠮᠢᠶᠠᠷᠤᠯᠲᠠ ᠶᠢᠨ ᠴᠤᠪᠤᠷᠠᠯ ᠢ ᠰᠢᠯᠢᠳᠡᠭᠵᠢᠭᠦᠯᠦᠨ᠂ ᠡᠯᠧᠺᠲ᠋ᠤᠷᠴᠢᠯᠠᠭᠰᠠᠨ᠂ ᠮᠡᠳᠡᠭᠡ ᠵᠠᠩᠭᠢᠵᠢᠯᠲᠠ ᠶᠢᠨ ᠠᠷᠭ᠎ᠠ ᠮᠠᠶ᠋ᠢᠭ ᠢ ᠠᠪᠴᠤ᠂ ᠣᠯᠠᠨ ᠲᠦᠮᠡᠨ ᠳᠤ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠦᠷᠭᠡᠬᠦ ᠦᠢᠯᠡᠴᠢᠯᠡᠭᠡ ᠬᠠᠩᠭᠠᠬᠤ ᠬᠡᠷᠡᠭᠲᠡᠶ᠃ ᠲᠠᠩ ᠭᠠᠭᠴᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠢᠭᠰᠡᠨ ᠪᠠᠶᠢᠪᠠᠯ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠯᠲᠠ ᠶᠢᠨ ᠰᠦᠢᠳᠭᠡᠯ ᠬᠤᠷᠢᠶᠠᠵᠤ ᠪᠣᠯᠬᠤ ᠥᠬᠡᠶ᠃      ᠳᠥᠷᠪᠡ᠂ ᠡᠮᠴᠢᠯᠡᠭᠡᠨ ᠤ ᠪᠠᠶᠢᠭᠤᠯᠤᠮᠵᠢ ᠨᠤᠭᠤᠳ ᠲᠣᠭᠲᠠᠭᠠᠯ ᠢ ᠴᠢᠩᠭ᠎ᠠ ᠵᠢᠷᠤᠮᠯᠠᠨ ᠦᠢᠯᠡᠴᠢᠯᠡᠭᠡ ᠬᠠᠩᠭᠠᠬᠤ ᠶᠢᠨ ᠬᠠᠮᠲᠤ ᠰᠦᠢᠳᠭᠡᠯ ᠬᠤᠷᠢᠶᠠᠵᠤ᠂ ᠲᠣᠰ ᠪᠡᠶ᠎ᠡ ᠶᠢᠨ ᠦᠨ᠎ᠡ ᠬᠠᠩᠰᠢ ᠶᠢᠨ ᠠᠵᠢᠯᠯᠠᠭ᠎ᠠ ᠪᠠᠨ ᠵᠢᠷᠤᠮᠵᠢᠭᠤᠯᠤᠨ᠂ ᠮᠡᠳᠡᠭᠡ ᠵᠠᠩᠭᠢ ᠶᠢᠨ ᠰᠢᠰᠲ᠋ᠧᠮ ᠢ ᠰᠢᠨᠡᠳᠬᠡᠨ ᠬᠠᠮᠠᠭᠠᠯᠠᠬᠤ ᠪᠠ ᠦᠨ᠎ᠡ ᠬᠠᠩᠰᠢ ᠶᠢ ᠢᠯᠡ ᠨᠡᠶᠢᠲᠡᠯᠡᠬᠦ ᠵᠡᠷᠭᠡ ᠬᠠᠮᠢᠶ᠎ᠠ ᠪᠥᠬᠦᠶ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃      ᠲᠠᠪᠤ᠂ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠳᠤᠮᠳᠠ᠂ ︽ᠦᠢᠯᠡᠴᠢᠯᠡᠭᠡ ᠶᠢ ᠣᠯᠠᠨ ᠬᠥᠮᠦᠨ ᠤ ᠬᠤᠯᠢᠯᠳᠤᠭᠤᠯᠤᠨ ᠪᠠᠶᠢᠴᠠᠭᠠᠬᠤ ᠶᠣᠰᠣᠭᠠᠷ ᠬᠢᠵᠦ᠂ ᠰᠦᠢᠳᠭᠡᠯ ᠬᠤᠷᠢᠶᠠᠬᠤ ᠳᠤ ᠭᠠᠭᠴᠠ ᠬᠥᠮᠦᠨ ᠤ ᠲᠠᠩ ᠢᠶᠠᠷ ᠪᠠᠶᠢᠴᠠᠭᠠᠬᠤ ᠦᠨ᠎ᠡ ᠬᠠᠩᠰᠢ ᠶᠢ ᠲᠣᠬᠤᠨ ᠬᠡᠷᠡᠭᠯᠡᠬᠦ︾ ᠵᠡᠷᠭᠡ ᠪᠠᠶᠢᠳᠠᠯ ᠢ ᠪᠠᠶᠢᠩᠭᠤ ᠶᠢᠨ ᠴᠢᠨᠠᠷᠲᠠᠶ ᠪᠠᠶᠢᠴᠠᠭᠠᠬᠤ ᠵᠦᠢᠯᠡᠰ ᠲᠤ ᠣᠷᠣᠭᠤᠯᠬᠤ ᠬᠡᠷᠡᠭᠲᠡᠶ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠪᠥᠭᠡᠮ ᠬᠦᠴᠢᠯ ᠤᠨ ᠪᠠᠶᠢᠴᠠᠭᠠᠨ ᠰᠢᠨᠵᠢᠬᠦ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠶᠢᠴᠠᠭᠠᠨ ᠰᠢᠨᠵᠢᠭᠰᠡᠨ ᠦᠷ᠎ᠡ ᠳ᠋ᠦᠩ ᠤᠨ ᠣᠨᠣᠪᠴᠢᠲᠠᠶ ᠂ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠵᠢᠷᠭᠤᠭ᠎ᠠ᠂ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠦᠨ᠎ᠡ ᠲᠣᠬᠢᠷᠠᠭᠤᠯᠤᠭᠰᠠᠨ ᠤ ᠦᠷ᠎ᠡ ᠳ᠋ᠦᠩ ᠢᠶᠠᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠳᠡᠵᠦ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ᠂ ᠭᠤᠷᠪᠠᠳᠠᠬᠢ ᠡᠲᠡᠭᠡᠳ ᠤᠨ ᠮᠡᠷᠭᠡᠵᠢᠯ ᠤᠨ ᠦᠢᠯᠡᠴᠢᠯᠡᠭᠡᠨ ᠤ ᠦᠨ᠎ᠡ ᠬᠠᠩᠰᠢ ᠯᠤᠭ᠎ᠠ ᠵᠣᠯᠭᠠᠭᠤᠯᠬᠤ ᠶᠢ ᠰᠠᠶᠢᠲᠤᠷ ᠬᠢᠬᠦ ᠳᠤ ᠲᠥᠬᠦᠮ ᠪᠣᠯᠭᠠᠨ᠎ᠠ᠃      ᠲᠤᠯᠤᠭ᠎ᠠ᠂ ᠲᠤᠰ ᠮᠡᠳᠡᠭᠳᠡᠯ ᠢ 2021 ᠣᠨ ᠤ 12 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ ᠲᠦᠷᠦ ᠶᠢᠨ ᠪᠤᠳᠤᠯᠭ᠎ᠠ ᠶᠢᠨ ᠲᠣᠭᠲᠠᠭᠠᠯ ᠨᠢ ᠲᠤᠰ ᠮᠡᠳᠡᠭᠳᠡᠯ ᠲᠠᠢ ᠨᠢᠭᠡᠳᠦᠯ ᠦᠭᠡᠢ ᠪᠠᠶᠢᠪᠠᠯ᠂ ᠲᠤᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃      ᠳᠠᠭᠠᠯᠳᠤᠭᠤᠯᠤᠯ᠄ ᠰᠢᠨ᠎ᠡ ᠲᠢᠲᠢᠮᠯᠢᠭ ᠸᠢᠷᠦ᠋ᠰ ᠢ ᠪᠠᠶᠢᠴᠠᠭᠠᠨ ᠰᠢᠯᠭᠠᠬᠤ ᠦᠨ᠎ᠡ ᠬᠠᠩᠰᠢ ᠶᠢᠨ ᠲᠥᠷᠥᠯ ᠵᠦᠢᠯ ᠤᠨ ᠬᠦᠰᠦᠨᠦᠭᠲᠦ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ        2021 ᠣᠨ ᠤ 11 ᠳ᠋ᠤᠭᠡᠷ ᠰᠠᠷ᠎ᠠ ᠶᠢᠨ 26 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号