ᠰᠢᠨ᠎ᠡ ᠪᠠᠷ ᠨᠡᠮᠡᠭᠳᠡᠭᠰᠡᠨ ᠡᠭᠦᠳᠡᠨ ᠡᠮᠨᠡᠯᠭᠡ ᠶᠢᠨ ᠵᠠᠷᠤᠳᠠᠯ ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠲᠤᠷᠰᠢᠯᠲᠠ ᠶᠢᠨ ᠮᠣᠵᠢ ᠶᠢᠨ ᠨᠡᠷᠡᠰ ᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠠᠯᠪᠠᠨ ᠭᠡᠷ ᠤᠨ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠭᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/2/18
      ᠰᠢᠨ᠎ᠡ ᠪᠠᠷ ᠨᠡᠮᠡᠭᠳᠡᠭᠰᠡᠨ ᠡᠭᠦᠳᠡᠨ ᠡᠮᠨᠡᠯᠭᠡ ᠶᠢᠨ ᠵᠠᠷᠤᠳᠠᠯ ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠲᠤᠷᠰᠢᠯᠲᠠ ᠶᠢᠨ ᠮᠣᠵᠢ ᠶᠢᠨ ᠨᠡᠷᠡᠰ ᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠠᠯᠪᠠᠨ ᠭᠡᠷ ᠤᠨ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠭᠢᠮ ᠤᠨ ᠮᠡᠳᠡᠭᠳᠡᠯ           ᠡᠮ ᠡᠮᠨᠡᠯᠭᠡ ᠶᠢᠨ ᠳᠠᠭᠠᠳᠬᠠᠯ ᠤᠨ ᠠᠯᠪᠠᠨ ᠭᠡᠷ ᠲᠠᠷᠬᠠᠭᠠᠭᠰᠠᠨ ﹇2021﹈ 7 ᠳ᠋ᠤᠭᠠᠷ ᠲᠣᠭᠠᠲᠤ    ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ ᠶᠢᠨ ᠪᠢᠩᠲᠤᠸᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ︵ᠲᠣᠪᠴᠢᠶ᠎ᠠ︶    ︽ᠡᠭᠦᠳᠡᠨ ᠡᠮᠨᠡᠯᠭᠡ ᠶᠢᠨ ᠵᠠᠷᠤᠳᠠᠯ ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠲᠤᠷᠰᠢᠯᠲᠠ ᠶᠢᠨ ᠠᠵᠢᠯ ᠢ ᠠᠬᠢᠭᠤᠯᠬᠤ ᠲᠤᠬᠠᠢ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠮ ᠡᠮᠨᠡᠯᠭᠡ ᠳᠠᠭᠠᠳᠬᠠᠯ ᠲᠠᠷᠬᠠᠭᠠᠭᠰᠠᠨ ﹇2020﹈ 40 ᠳ᠋ᠦᠭᠡᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ ᠠᠴᠠ ᠬᠢᠨᠠᠨ ᠬᠠᠷᠭᠤᠭᠤᠯᠵᠤ᠂ ᠱᠠᠨ ᠱᠢ ᠵᠡᠷᠭᠡ 15 ᠮᠣᠵᠢ ᠪᠠᠷ ᠡᠭᠦᠳᠡᠨ ᠡᠮᠨᠡᠯᠭᠡ ᠶᠢᠨ ᠵᠠᠷᠤᠳᠠᠯ ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠲᠤᠷᠰᠢᠯᠲᠠ ᠶᠢᠨ ᠴᠢᠭ ᠤᠨ ᠮᠣᠵᠢ ᠪᠣᠯᠭᠠᠨ ᠰᠢᠨ᠎ᠡ ᠪᠠᠷ ᠨᠡᠮᠡᠭᠳᠡᠭᠦᠯᠬᠦ ᠪᠠᠷ ᠲᠣᠭᠲᠠᠭᠠᠪᠠ᠃ 2011 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠵᠤ ᠲᠤᠷᠰᠢᠨ ᠬᠡᠷᠡᠭᠯᠡᠬᠦ ᠠᠵᠢᠯ ᠢ ᠥᠷᠨᠢᠭᠦᠯᠦᠨ᠎ᠡ᠃ ᠡᠳᠦᠭᠡ ᠲᠤᠷᠰᠢᠯᠲᠠ ᠶᠢᠨ ᠴᠢᠭ ᠤᠨ ᠮᠣᠵᠢ ᠶᠢᠨ ᠨᠡᠷᠡᠰ ᠢ ᠲᠠᠨᠠᠷ ᠲᠤ ᠳᠠᠷᠤᠮᠠᠯᠯᠠᠨ ᠲᠠᠷᠬᠠᠭᠠᠪᠠ᠂ ᠲᠤᠷᠰᠢᠯᠲᠠ ᠶᠢᠨ ᠴᠢᠭ ᠤᠨ ᠠᠵᠢᠯ ᠤᠨ ᠱᠠᠭᠠᠷᠳᠠᠯᠭ᠎ᠠ ᠶᠣᠰᠣᠭᠠᠷ ᠵᠣᠬᠢᠶᠠᠨ ᠪᠠᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠠᠵᠢᠯ ᠤᠨ ᠨᠠᠢᠳᠠᠪᠤᠷᠢᠵᠢᠭᠤᠯᠤᠯᠲᠠ ᠶᠢ ᠰᠠᠢᠲᠤᠷ ᠠᠳᠬᠤᠬᠤ ᠬᠡᠷᠡᠭᠲᠡᠢ᠃    ᠳᠠᠭᠠᠯᠳᠤᠭᠤᠯᠤᠯ᠄ ᠰᠢᠨ᠎ᠡ ᠪᠠᠷ ᠨᠡᠮᠡᠭᠳᠡᠭᠰᠡᠨ ᠡᠭᠦᠳᠡᠨ ᠡᠮᠨᠡᠯᠭᠡ ᠶᠢᠨ ᠵᠠᠷᠤᠳᠠᠯ ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠲᠤᠷᠰᠢᠯᠲᠠ ᠶᠢᠨ ᠴᠢᠭ ᠤᠨ ᠮᠣᠵᠢ ᠶᠢᠨ ᠨᠡᠷᠡᠰ    ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠠᠯᠪᠠᠨ ᠭᠡᠷ    ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ    2021 ᠣᠨ ᠤ 1 ᠰᠠᠷ᠎ᠠ ᠶᠢᠨ 20 ᠤ ᠡᠳᠦᠷ    ᠳᠠᠭᠠᠯᠳᠤᠭᠤᠯᠤᠯ ᠮᠠᠲ᠋ᠧᠷᠢᠶᠠᠯ    ᠰᠢᠨ᠎ᠡ ᠪᠠᠷ ᠨᠡᠮᠡᠭᠳᠡᠭᠰᠡᠨ ᠡᠭᠦᠳᠡᠨ ᠡᠮᠨᠡᠯᠭᠡ ᠶᠢᠨ ᠵᠠᠷᠤᠳᠠᠯ ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠲᠤᠷᠰᠢᠯᠲᠠ ᠶᠢᠨ ᠴᠢᠭ ᠤᠨ ᠮᠣᠵᠢ ᠶᠢᠨ ᠨᠡᠷᠡᠰ    1. ᠱᠠᠨ ᠱᠢ ᠮᠣᠵᠢ    2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ    3. ᠯᠢᠶᠣᠤᠨᠢᠩ ᠮᠣᠵᠢ    4. ᠬᠢᠷᠢᠨ ᠮᠣᠵᠢ    5. ᠬᠠᠷᠠᠮᠦ᠋ᠷᠡᠨ ᠮᠣᠵᠢ    6. ᠹᠦᠵᠢᠶᠠᠨ ᠮᠣᠵᠢ    7. ᠵᠢᠶᠠᠩᠰᠢ ᠮᠣᠵᠢ    8.  ᠱᠠᠨᠳᠦ᠋ᠩ ᠮᠣᠵᠢ    9. ᠬᠤᠪᠧᠢ ᠮᠣᠵᠢ    10. ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ    11. ᠬᠠᠢᠨᠠᠨ ᠮᠣᠵᠢ    12.  ᠱᠠᠨᠰᠢ ᠮᠣᠵᠢ    13. ᠬᠥᠬᠡᠨᠠᠭᠤᠷ ᠮᠣᠵᠢ    14. ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ    15. ᠰᠢᠨᠵᠢᠶᠠᠩ ᠤᠨ ᠣᠶᠢᠭᠤᠷ ᠤᠨ ᠥᠪᠡᠷᠲᠡᠭᠡᠨ ᠵᠠᠰᠠᠬᠤ ᠣᠷᠣᠨ
 
ᠢᠷᠡᠯᠲᠡ᠄ ᠤᠯᠤᠰ ᠤᠨ ᠡᠮᠴᠢᠯᠡᠭᠡᠨ ᠤ ᠪᠠᠲᠤᠯᠠᠭᠠᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号