ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠬᠤᠶᠠᠳᠤᠭᠠᠷ ᠪᠦᠯᠦᠭ ᠶᠡᠷᠦᠩᠬᠡᠢ ᠦᠵᠡᠯᠭᠡ ᠶᠢᠨ ᠣᠨᠴᠠᠭᠠᠢ ᠬᠡᠷᠡᠭᠯᠡᠬᠦ ᠡᠮ ᠤᠨ ᠭᠠᠷᠴᠠᠭ ᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/4/22
       ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠲᠤ᠄        ︽ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠶ᠋ᠯ ᠤᠨ ᠭᠠᠷᠴᠠᠭ ︵2020 ᠣᠨ︶ ᠢ ᠬᠡᠪᠯᠡᠨ ᠲᠠᠷᠬᠠᠭᠠᠬᠤ ᠲᠤᠬᠠᠶ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠮᠡᠳᠡᠭᠳᠡᠯ︾ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠶᠡᠷᠦᠩᠬᠡᠢ ᠦᠵᠡᠯᠭᠡ ᠶᠢᠨ ᠣᠨᠴᠠᠭᠠᠢ ᠬᠡᠷᠡᠭᠯᠡᠬᠦ ᠡᠮ ᠤᠨ ᠬᠠᠮᠢᠶᠠᠷᠤᠯᠲᠠ ᠶᠢᠨ ᠠᠵᠢᠯ ᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠦᠨᠳᠦ ᠶᠡᠭᠡ ᠡᠪᠡᠳᠴᠢᠲᠡᠨ ᠤ ᠡᠮ ᠬᠡᠷᠡᠭᠯᠡᠬᠦ ᠶᠢ ᠪᠠᠲᠤᠯᠠᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠳᠥᠭᠦᠮ ᠦᠵᠡᠭᠦᠯᠵᠦ᠂ ᠵᠠᠷᠤᠳᠠᠯ ᠤᠨ ᠳᠠᠷᠤᠭᠠᠰᠤ‌‍ᠶᠢ ᠬᠥᠩᠭᠡᠯᠡᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠠᠷᠪᠢᠯᠠᠵᠤ᠂ ᠡᠮ ᠡᠮᠨᠡᠯᠭᠡ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠤᠰᠬᠠᠢ ᠮᠡᠷᠭᠡᠵᠢᠯᠲᠡᠨ ᠤ ᠬᠢᠨᠠᠨ ᠦᠨᠡᠯᠡᠯᠲᠡ ᠪᠠᠷ ᠳᠠᠮᠵᠢᠨ ᠠᠮᠮᠣᠨᠢ ᠬᠦᠴᠢᠯ ᠵᠡᠷᠭᠡ 21 ᠵᠦᠢᠯ ‍ᠦᠨ‌ᠤᠯᠤᠰ ᠤᠨ ᠬᠡᠯᠡᠯᠴᠡᠭᠡ ᠬᠢᠭᠰᠡᠨ ᠡᠮ ᠤᠨ ᠵᠦᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ‍ᠤᠨ‌‍ᠶᠡᠷᠦᠩᠬᠡᠢ ᠦᠵᠡᠯᠭᠡ ᠶᠢᠨ ᠣᠨᠴᠠᠭᠠᠢ ᠬᠡᠷᠡᠭᠯᠡᠬᠦ ᠡᠮ ᠳᠤ ᠣᠷᠣᠭᠤᠯᠬᠤ ᠪᠠᠷ ᠲᠣᠭᠲᠠᠪᠠ ︵ᠳᠠᠭᠠᠯᠳᠤᠭᠤᠯᠤᠯ ᠳᠤ ᠦᠵᠡ︶᠃ᠰᠢᠨ᠎ᠡ ᠪᠠᠷ ᠨᠡᠮᠡᠭᠳᠡᠭᠰᠡᠨ ᠡᠭᠦᠳᠡᠨ ᠡᠮᠨᠡᠯᠭᠡ ᠶᠢᠨ ᠣᠨᠴᠣᠭᠤᠶ ᠬᠡᠷᠡᠭᠯᠡᠬᠦ ᠡᠮ ᠤᠨ ᠪᠠᠲᠤᠯᠠᠭ᠎ᠠ ᠶᠢᠨ ᠡᠲᠡᠭᠡᠳ᠂ ᠣᠯᠭᠤᠮᠵᠢ ᠶᠢᠨ ᠪᠠᠷᠢᠮᠵᠢᠶ᠎ᠠ᠂ ᠦᠶ᠋ᠯᠡᠴᠢᠯᠡᠭᠡᠨ ᠤ ᠬᠠᠮᠢᠶᠠᠷᠤᠯᠲᠠ ᠵᠡᠷᠭᠡ ᠳᠤ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠨ ᠡᠭᠦᠳᠡᠨ ᠡᠮᠨᠡᠯᠭᠡ ᠶᠢᠨ ᠣᠨᠴᠣᠭᠤᠶ ᠬᠡᠷᠡᠭᠯᠡᠬᠦ ᠡᠮ ᠤᠨ ᠬᠠᠮᠢᠶᠠᠷᠤᠯᠲᠠ ᠪᠠᠷ ᠯᠠᠪᠯᠠᠯᠲᠠ ᠪᠣᠯᠭᠠᠨ᠎ᠠ᠃ᠡᠯ᠎ᠡ ᠨᠢᠭᠡᠳᠦᠯᠲᠡᠶ ᠲᠥᠯᠥᠪᠯᠡᠬᠦ ᠲᠣᠭᠤᠷᠢᠭ ᠤᠨ ᠬᠢᠨ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ ᠡᠭᠦᠳᠡᠨ ᠡᠮᠨᠡᠯᠭᠡ ᠶᠢᠨ ᠣᠨᠴᠠᠭᠠᠶ ᠡᠮ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠦᠷᠭᠡᠬᠡᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠡᠮ ᠬᠡᠷᠡᠭᠯᠡᠬᠦ ᠳᠤ ᠲᠥᠬᠦᠮ ᠬᠠᠩᠭᠠᠭᠠᠷᠠᠢ᠃        ᠳᠠᠭᠠᠯᠳᠤᠭᠤᠯᠤᠯᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ‍ᠤᠨ‌‍ᠶᠡᠷᠦᠩᠬᠡᠢ ᠦᠵᠡᠯᠭᠡ ᠶᠢᠨ ᠣᠨᠴᠠᠭᠠᠢ ᠬᠡᠷᠡᠭᠯᠡᠬᠦ ᠡᠮ ᠤᠨ ᠭᠠᠷᠴᠠᠭ ︵http://ylbzj.nmg.gov.cn/zwgk/zcwj/202104/t20210409_1373100.html

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ

2021ᠣᠨ ᠤ4 ᠳ᠋ᠦ᠋ᠭᠡᠷ ᠰᠠᠷ᠎ᠠ ᠶᠢᠨ6 ᠤ ᠡᠳᠦᠷ

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号