︽︿ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2020 ᠣᠨ︶﹀ ᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠮᠡᠳᠡᠭᠳᠡᠯ︾ ᠤᠨ ᠲᠥᠷᠥ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/5/11
     ᠨᠡᠶᠢᠭᠡᠮ ᠤᠨ ᠡᠯ᠎ᠡ ᠡᠲᠡᠭᠡᠳ ᠲᠤ 2020 ᠣᠨ ᠤ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠢ ᠤᠯᠠᠮ ᠨᠢᠭᠡ ᠠᠯᠬᠤᠮ ᠣᠶᠢᠯᠠᠭᠠᠭᠤᠯᠬᠤ ᠶᠢᠨ ᠲᠥᠯᠥᠭᠡ ᠂ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠠᠴᠠ ︽︿2020 ᠣᠨ ᠤ ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ﹀ ᠢ ᠨᠡᠶᠢᠲᠡᠯᠡᠬᠦ ᠲᠤᠬᠠᠶ ᠮᠡᠳᠡᠭᠳᠡᠯ︾ ︵ᠡᠮ ᠡᠮᠨᠡᠯᠭᠡ ᠳᠠᠭᠠᠳᠬᠠᠯ ᠲᠠᠷᠬᠠᠭᠠᠭᠰᠠᠨ ﹇2020﹈  53 ᠳ᠋ᠤᠭᠠᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠳᠤ ᠲᠠᠶᠢᠯᠤᠮᠵᠢ ᠬᠢᠶ᠎ᠡ᠃     ᠨᠢᠭᠡ᠂ 2020 ᠣᠨ ᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠤᠨ ᠶᠡᠷᠦᠩᠬᠡᠶ ᠰᠡᠳᠬᠢᠴᠡ ᠪᠠ ᠬᠠᠷᠠᠯᠲᠠ ᠨᠢ ᠶᠠᠭᠤ ᠪᠣᠶ︖      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠡᠷᠡᠭᠯᠡᠬᠦ ᠡᠮ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ 2020 ᠣᠨ ᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠲᠤᠰ ᠤᠳᠠᠭᠠᠨ ᠤ ᠲᠣᠬᠢᠷᠠᠭᠤᠯᠤᠯᠲᠠ ᠶᠢ ᠨᠠᠷᠢᠨ ᠬᠢᠨᠠᠮᠠᠭᠠᠢ ᠥᠷᠨᠢᠭᠦᠯᠪᠡ᠃  ᠲᠤᠰ ᠤᠳᠠᠭᠠᠨ ᠤ ᠲᠣᠬᠢᠷᠠᠭᠤᠯᠤᠯᠲᠠ ᠨᠢ  ︽ᠦᠨᠳᠦᠰᠦᠨ ᠵᠦᠢᠯ ᠢ ᠪᠠᠲᠤᠯᠠᠬᠤ︾ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ︾ ᠱᠠᠭᠠᠷᠳᠠᠯᠭ᠎ᠠ ᠶᠣᠰᠣᠭᠠᠷ᠂ ︽ᠭᠤᠣᠯᠳᠠᠯᠭ᠎ᠠ ᠶᠢ ᠳᠣᠪᠤᠶᠢᠯᠭᠠᠬᠤ᠂ ᠳᠤᠲᠠᠭᠤᠳᠠᠯ ᠢ ᠨᠥᠬᠦᠪᠥᠷᠢᠯᠡᠬᠦ᠂ ᠪᠦᠲᠦᠴᠡ ᠶᠢ ᠰᠢᠯᠢᠳᠡᠭᠵᠢᠭᠦᠯᠬᠦ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ︾ ᠲᠣᠬᠢᠷᠠᠭᠤᠯᠤᠯᠲᠠ ᠶᠢᠨ ᠰᠡᠳᠬᠢᠴᠡ ᠶᠢ ᠲᠣᠭᠲᠠᠭᠠᠵᠤ᠂ ᠪᠠᠶᠢᠭᠤᠯᠤᠯ ᠤᠨ ᠳᠠᠪᠠᠭᠤᠯᠢᠭ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ᠂ ᠵᠠᠬ᠎ᠠ ᠳᠡᠯᠭᠡᠭᠦᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠥᠭᠡᠷᠡᠴᠢᠯᠡᠯᠲᠡ ᠶᠢᠨ ᠠᠰᠢᠭ ᠢ ᠪᠠᠳᠠᠷᠠᠭᠤᠯᠵᠤ᠂ ᠡᠮ ᠤᠨ ᠵᠦᠢᠯ ᠤᠨ ᠭᠠᠷᠴᠠᠭ ᠤᠨ ᠪᠦᠲᠦᠴᠡ ᠶᠢ ᠨᠡᠩ ᠰᠢᠯᠢᠳᠡᠭᠵᠢᠭᠦᠯᠬᠦ᠂ ᠡᠮ ᠡᠮᠨᠡᠯᠭᠡ ᠶᠢᠨ ᠳᠠᠭᠠᠳᠬᠠᠯ ᠤᠨ ᠪᠡᠯᠡ ᠮᠥᠩᠭᠦ ᠶᠢᠨ ᠬᠡᠷᠡᠭᠯᠡᠯᠲᠡ ᠶᠢ ᠨᠡᠩ ᠥᠨᠳᠥᠷ ᠪᠦᠲᠦᠮᠵᠢᠲᠡᠢ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠪᠠᠳᠤᠯᠠᠭ᠎ᠠ ᠶᠢᠨ ᠴᠢᠳᠠᠪᠤᠷᠢ ᠪᠠ ᠲᠦᠪᠰᠢᠨ ᠢ ᠨᠡᠩ ᠥᠨᠳᠥᠷ ᠪᠣᠯᠭᠠᠬᠤ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠥᠷᠭᠡᠨ ᠤᠯᠠᠨ ᠳᠠᠭᠠᠳᠬᠠᠯ ᠳᠤ ᠣᠷᠣᠯᠴᠠᠭᠰᠠᠳ ᠤᠨ ᠡᠮ ᠬᠡᠷᠡᠭᠯᠡᠬᠦ ᠦᠨᠳᠦᠰᠦᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠠᠷᠠᠳ ᠤᠯᠠᠨ ᠤ ᠡᠪᠡᠳᠴᠢᠨ ᠦᠵᠡᠭᠦᠯᠵᠦ ᠡᠮᠨᠡᠭᠦᠯᠬᠦ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠬᠦ ᠳᠤ ᠬᠦᠴᠦ ᠨᠡᠮᠡᠷᠢᠯᠡᠵᠦ᠂ ᠥᠷᠭᠡᠨ ᠤᠯᠠᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠦᠨ᠎ᠡ᠃      ᠲᠣᠰ ᠤᠳᠠᠭᠠᠨ ᠤ ᠭᠠᠷᠴᠠᠭ ᠲᠤ ᠲᠣᠬᠢᠷᠠᠭᠤᠯᠤᠯᠲᠠ ᠬᠢᠬᠦ ᠪᠠᠷ ᠳᠡᠮᠵᠢᠨ᠂ 119 ᠵᠦᠢᠯ ᠤᠨ ᠡᠮ ᠤᠨ ᠵᠦᠢᠯ ᠢ ᠭᠠᠷᠴᠠᠭ ᠲᠤ ᠣᠷᠣᠭᠤᠯᠵᠤ᠂ 29 ᠵᠦᠢᠯ ᠤᠨ ᠡᠮ ᠤᠨ ᠵᠦᠢᠯ ᠢ ᠭᠠᠷᠴᠠᠭ ᠠᠴᠠ ᠭᠠᠷᠭᠠᠵᠤ᠂ ᠡᠴᠦᠰ ᠤᠨ ᠭᠠᠷᠴᠠᠭ ᠲᠤ ᠨᠡᠶᠢᠲᠡ 2800 ᠵᠦᠢᠯ ᠤᠨ ᠡᠮ ᠤᠨ ᠵᠦᠢᠯ ᠪᠣᠶ᠂ ᠡᠭᠦᠨ ᠳᠤ ᠧᠦ᠋ᠷᠣᠫᠠ ᠡᠮ 1426 ᠵᠦᠢᠯ᠂ ᠬᠢᠲᠠᠳ ᠡᠮ 1374 ᠵᠦᠢᠯ ᠪᠠᠶᠢᠵᠤ᠂ ᠬᠢᠲᠠᠳ ᠧᠦ᠋ᠷᠣᠫᠠ ᠡᠮ ᠤᠨ ᠬᠠᠷᠢᠴᠠᠯ ᠦᠨᠳᠦᠰᠦᠨ ᠳᠡᠭᠡᠨ ᠠᠳᠠᠯᠢ ᠪᠠᠶᠢᠨ᠎ᠠ᠃    ᠬᠤᠶᠠᠷ᠂ ᠲᠤᠰ ᠤᠳᠠᠭᠠᠨ ᠤ ᠲᠣᠬᠢᠷᠠᠭᠤᠯᠤᠯᠲᠠ ᠳᠤ ︽ᠦᠨᠳᠦᠰᠦᠨ ᠵᠦᠢᠯ ᠢ ᠪᠠᠲᠤᠯᠠᠬᠤ︾ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠬᠡᠷᠬᠢᠨ ᠪᠠᠲᠤᠯᠠᠬᠤ ᠪᠤᠶ︖       ᠭᠠᠷᠴᠠᠭ ᠠᠴᠠ ᠭᠠᠳᠠᠨᠠᠬᠢ ᠡᠮ ᠤᠨ ᠵᠦᠢᠯ ᠳᠤ᠂ ᠬᠢᠨᠠᠨ ᠲᠣᠭᠲᠠᠭᠠᠬᠤ᠂ ᠲᠥᠰᠦᠭᠡᠯᠡᠨ ᠪᠤᠳᠤᠬᠤ ᠵᠢᠴᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠥᠯᠥᠬᠦ ᠬᠡᠪᠴᠢᠶ᠎ᠡ ᠶᠢ ᠲᠣᠭᠲᠠᠭᠠᠬᠤ ᠵᠡᠷᠭᠡ ᠲᠠᠯ᠎ᠠ ᠪᠠᠷ ᠴᠥᠮ ᠣᠳᠣᠬᠢ ᠱᠠᠲᠤᠨ ᠤ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠠ ᠳᠠᠭᠠᠳᠬᠠᠯ ᠳᠤ ᠣᠷᠣᠯᠴᠠᠭᠰᠠᠳ ᠤᠨ ᠡᠭᠦᠷᠭᠡᠯᠡᠬᠦ ᠴᠢᠳᠠᠪᠤᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ︽ᠦᠨᠳᠦᠰᠦᠨ ᠵᠦᠢᠯ ᠢ ᠪᠠᠲᠤᠯᠠᠬᠤ︾ ᠪᠠᠶᠢᠷᠢ ᠲᠣᠭᠲᠠᠭᠠᠯᠲᠠ ᠳᠤ ᠨᠡᠶᠢᠴᠡᠬᠦ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠵᠤ᠂ ᠬᠡᠯᠡᠯᠴᠡᠭᠡᠷ ᠠᠴᠠ ᠪᠣᠶ ᠪᠣᠯᠤᠭᠰᠠᠨ ᠳᠥᠯᠥᠬᠦ ᠪᠠᠷᠢᠮᠵᠢᠶ᠎ᠠ ᠶᠢᠨ ᠵᠢᠱᠢᠯᠲᠡ ᠳᠤ ᠨᠡᠶᠢᠴᠡᠬᠦ ᠶᠢ ᠦᠨᠡᠨ ᠬᠦ ᠪᠠᠲᠤᠯᠠᠪᠠ᠃ ᠭᠠᠷᠴᠠᠭ ᠤᠨ ᠳᠣᠲᠣᠷᠠᠬᠢ ᠡᠮ ᠤᠨ ᠵᠦᠢᠯ ᠳᠤ᠂ ᠲᠤᠰᠬᠠᠶ ᠮᠡᠷᠭᠡᠵᠢᠯᠲᠡᠨ ᠢ ᠲᠤᠰᠬᠠᠶᠢᠯᠠᠨ ᠵᠣᠬᠢᠶᠠᠨ ᠪᠠᠶᠢᠭᠤᠯᠤᠨ ᠬᠢᠨᠠᠨ ᠰᠢᠯᠭᠠᠷᠠᠭᠤᠯᠵᠤ᠂ ᠤᠤᠯ ᠤᠨ ᠬᠡᠯᠡᠯᠴᠡᠭᠡᠷ ᠲᠤ ᠵᠥᠪᠰᠢᠶᠡᠷᠡᠨ ᠣᠷᠣᠭᠤᠯᠬᠤ ᠭᠠᠷᠴᠠᠭ ᠢ ᠳᠠᠮᠵᠢᠭᠰᠠᠨ ᠥᠬᠡᠶ ᠮᠥᠷᠲᠡᠭᠡᠨ ᠦᠨ᠎ᠡ ᠬᠠᠩᠰᠢ ᠪᠤᠶᠤ ᠵᠠᠷᠤᠳᠠᠯ ᠨᠢ ᠬᠡᠲᠦ ᠥᠨᠳᠥᠷ ᠪᠠᠶᠢᠭᠰᠠᠨ ᠲᠥᠷᠥᠯ ᠵᠦᠢᠯ ᠳᠤ ᠬᠡᠯᠡᠯᠴᠡᠭᠡᠷ ᠢᠶᠠᠷ ᠦᠨ᠎ᠡ ᠶᠢ ᠨᠢ ᠪᠠᠭᠤᠷᠠᠭᠤᠯᠵᠤ᠂ ᠭᠠᠷᠴᠠᠭ ᠤᠨ ᠳᠣᠲᠣᠷᠠᠬᠢ ᠡᠮ ᠤᠨ ᠵᠦᠢᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠠᠯᠬᠤᠮ ᠠᠯᠬᠤᠮ ᠢᠶᠠᠷ ᠵᠦᠶ ᠵᠣᠬᠢᠰᠲᠠᠶ ᠪᠣᠯᠭᠠᠬᠤ ᠶᠢ ᠬᠥᠲᠥᠯᠦᠨ ᠵᠢᠯᠤᠭᠤᠳᠪᠠ᠃ ᠡᠭᠦᠨ ᠤ ᠵᠡᠷᠭᠡᠪᠡᠷ᠂ ᠡᠮᠴᠢᠯᠡᠭᠡᠨ ᠤ ᠦᠨ᠎ᠡ ᠥᠷᠲᠡᠭ ᠢᠶᠠᠷ ᠥᠨᠳᠥᠷ ᠪᠢᠰᠢ ᠡᠮ ᠤᠨ ᠵᠦᠢᠯ ᠢ ᠰᠢᠯᠵᠢᠭᠦᠯᠦᠨ ᠭᠠᠷᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠢᠯᠠᠩᠭᠤᠶ᠎ᠠ ᠣᠶᠢᠷ᠎ᠠ ᠶᠢᠨ ᠵᠢᠯ ᠤᠳ ᠲᠤ ︽ᠬᠡᠮᠵᠢᠶ᠎ᠡ ᠪᠠᠷ ᠦᠨ᠎ᠡ ᠰᠣᠯᠢᠬᠤ︾ ᠶᠢ ᠲᠥᠪᠯᠡᠷᠡᠭᠦᠯᠦᠨ ᠬᠤᠳᠠᠯᠳᠤᠨ ᠠᠪᠴᠤ᠂ ᠡᠮ ᠤᠨ ᠦᠨ᠎ᠡ ᠶᠢᠨ ᠬᠤᠳᠠᠯ ᠬᠠᠭᠤᠷᠮᠠᠭ ᠢ ᠤᠯᠠᠮ ᠨᠢᠭᠡ ᠠᠯᠬᠤᠮ ᠰᠢᠬᠠᠨ ᠳᠠᠷᠤᠵᠤ᠂ ︽ᠰᠢᠩᠭᠡᠯᠢᠭ ᠢᠶᠠᠨ ᠰᠤᠯᠠᠯᠠᠵᠤ ᠰᠢᠪᠠᠭᠤ ᠶᠢ ᠰᠣᠯᠢᠬᠤ︾ ᠶᠢ ᠪᠡᠶᠡᠯᠡᠭᠦᠯᠵᠦ᠂ ᠰᠠᠭᠤᠷᠢ ᠮᠥᠩᠭᠦᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃      ᠭᠤᠷᠪᠠ᠂ ᠲᠣᠰ ᠤᠳᠠᠭᠠᠨ ᠤ ᠲᠣᠬᠢᠷᠠᠭᠤᠯᠤᠯᠲᠠ ᠳᠤ᠂ ᠲᠣᠬᠢᠷᠠᠭᠤᠯᠤᠯᠲᠠ ᠶᠢᠨ ᠬᠡᠪᠴᠢᠶᠡᠨ ᠳᠤ ᠣᠷᠣᠭᠤᠯᠤᠭᠰᠠᠨ ᠭᠠᠷᠴᠠᠭ ᠠᠴᠠ ᠭᠠᠳᠠᠨᠠᠬᠢ ᠡᠮ ᠤᠨ ᠵᠦᠢᠯ ᠤᠨ ᠬᠡᠪᠴᠢᠶ᠎ᠡ ᠵᠢᠴᠢ ᠲᠤᠭ᠎ᠠ ᠬᠡᠮᠵᠢᠶ᠎ᠡ ᠳᠤ ᠶᠠᠮᠠᠷ ᠬᠤᠪᠢᠷᠠᠯᠲᠠ ᠭᠠᠷᠬᠤ ᠶᠢ ᠬᠡᠷᠬᠢᠨ ᠪᠣᠳᠣᠯᠬᠢᠯᠠᠬᠤ ᠪᠣᠶ︖      ᠲᠦᠷᠦᠭᠦᠤ ᠬᠡᠳᠦᠨ ᠡᠭᠡᠯᠵᠢ ᠶᠢᠨ ᠲᠣᠬᠢᠷᠠᠭᠤᠯᠤᠯᠲᠠ ᠳᠤ ︽ᠨᠢᠭᠡᠨᠲᠡ ᠵᠠᠬ᠎ᠠ ᠳᠡᠯᠭᠡᠭᠦᠷ ᠲᠤ ᠭᠠᠷᠭᠠᠭᠰᠠᠨ ᠪᠣᠶ ᠪᠥᠬᠦᠶ ᠡᠮ ᠤᠨ ᠵᠦᠢᠯ︾ ᠢ ᠬᠢᠨᠠᠨ ᠲᠣᠭᠲᠠᠭᠠᠬᠤ ᠬᠡᠪᠴᠢᠶᠡᠨ ᠳᠤ ᠣᠷᠣᠭᠤᠯᠤᠭᠰᠠᠨ ᠠᠷᠭ᠎ᠠ ᠲᠠᠢ ᠠᠳᠠᠯᠢ ᠥᠬᠡᠶ᠂ ᠡᠨᠡ ᠵᠢᠯ ᠠᠩᠬ᠎ᠠ ᠤᠳᠠᠭ᠎ᠠ ᠮᠡᠳᠡᠭᠦᠯᠬᠦ ᠲᠦᠷᠢᠮ ᠢ ᠬᠡᠷᠡᠭᠵᠢᠭᠦᠯᠪᠡ᠂ ᠲᠤᠬᠠᠶᠢᠯᠠᠪᠠᠯ ᠡᠨᠡ ᠵᠢᠯ ᠤᠨ ᠲᠣᠬᠢᠷᠠᠭᠤᠯᠤᠯᠲᠠ ᠶᠢᠨ ᠲᠥᠰᠦᠯ ᠳᠤ ᠵᠢᠭᠰᠠᠭᠠᠭᠰᠠᠨ ᠨᠥᠬᠦᠴᠡᠯ ᠳᠤ ᠨᠡᠶᠢᠴᠡᠬᠦ ᠭᠠᠷᠴᠠᠭ ᠠᠴᠠ ᠭᠠᠳᠠᠨᠠᠬᠢ ᠡᠮ ᠤᠨ ᠵᠦᠢᠯ ᠢ ᠰᠠᠶ᠋ᠢ ᠲᠣᠬᠢᠷᠠᠭᠤᠯᠤᠯᠲᠠ ᠬᠢᠬᠦ ᠬᠡᠪᠴᠢᠶᠡᠨ ᠳᠤ ᠣᠷᠣᠭᠤᠯᠵᠤ ᠪᠣᠯᠤᠨ᠎ᠠ᠃ ᠭᠠᠷᠴᠠᠭ ᠠᠴᠠ ᠭᠠᠳᠠᠨᠠᠬᠢ ᠡᠮ ᠤᠨ ᠵᠦᠢᠯ ᠳᠤ ᠲᠣᠬᠢᠷᠠᠭᠤᠯᠤᠯᠲᠠ ᠬᠢᠬᠦ ᠬᠡᠪᠴᠢᠶᠡᠨ ᠳᠤ ︽ᠶᠡᠭᠡ ᠰᠣᠩᠭᠤᠯᠲᠠ︾ ᠬᠢᠵᠦ ᠪᠠᠶᠢᠭᠰᠠᠨ ᠠᠴᠠ ᠪᠠᠨ ︽ᠰᠢᠯᠢᠳᠡᠭ ᠢ ᠰᠣᠩᠭᠤᠬᠤ︾ ᠳᠠᠰᠢ ᠬᠤᠪᠢᠷᠠᠯᠲᠠ ᠲᠠᠢ ᠪᠣᠯᠪᠠ᠃      ︽2020 ᠣᠨ ᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠤᠨ ᠲᠥᠰᠦᠯ︾ ᠢ ᠦᠨᠳᠦᠰᠦᠯᠡᠪᠡᠯ᠂ ᠡᠨᠡ ᠵᠢᠯ ᠤᠨ ᠲᠣᠬᠢᠷᠠᠭᠤᠯᠤᠯᠲᠠ ᠬᠢᠬᠦ ᠭᠠᠷᠴᠠᠭ ᠠᠴᠠ ᠭᠠᠳᠠᠨᠠᠬᠢ ᠡᠮ ᠤᠨ ᠵᠦᠢᠯ ᠭᠤᠤᠯᠳᠠᠭᠤ 7 ᠲᠥᠷᠥᠯ ᠪᠣᠶ᠄ ᠰᠢᠨ᠎ᠡ ᠲᠢᠳᠢᠮᠯᠢᠭ ᠠᠭᠤᠰᠬᠢᠨ ᠦᠷᠪᠢᠰᠦᠯ ᠲᠠᠢ ᠬᠠᠮᠢᠶ᠎ᠠ ᠪᠥᠬᠦᠶ ᠠᠮᠢᠰᠬᠤᠯ ᠤᠨ ᠰᠢᠰᠲ᠋ᠧᠮ ᠤᠨ ᠡᠪᠡᠳᠴᠢᠨ ᠡᠮᠭᠡᠭ ᠢ ᠡᠮᠨᠡᠨ ᠵᠠᠰᠠᠬᠤ ᠳᠤ ᠬᠡᠷᠡᠭᠯᠡᠬᠦ ᠡᠮ︔ ︽ᠤᠯᠤᠰ ᠤᠨ ᠦᠨᠳᠦᠰᠦᠨ ᠡᠮ ᠤᠨ ᠵᠦᠢᠯ ᠤᠨ ᠭᠠᠷᠴᠠᠭ ︵2018 ᠣᠨ ᠤ ᠬᠡᠪᠯᠡᠯ︶︾ ᠳᠤ ᠣᠷᠣᠭᠤᠯᠤᠭᠰᠠᠨ ᠡᠮ ᠤᠨ ᠵᠦᠢᠯ︔ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠪᠠᠴᠢᠮ ᠬᠡᠷᠡᠭᠴᠡᠭᠡ ᠲᠠᠢ ᠬᠢᠯᠢ ᠶᠢᠨ ᠭᠠᠳᠠᠨᠠᠬᠢ ᠰᠢᠨ᠎ᠡ ᠡᠮ ᠤᠨ ᠨᠡᠷᠡᠰ ᠲᠤ ᠣᠷᠣᠭᠤᠯᠵᠤ᠂ ᠡᠮ ᠤᠨ ᠭᠠᠷᠴᠠᠭ ᠢ ᠳᠠᠭᠤᠷᠢᠶᠠᠨ ᠦᠢᠯᠡᠳᠬᠦ ᠶᠢ ᠵᠣᠷᠢᠭᠵᠢᠭᠤᠯᠬᠤ ᠪᠤᠶᠤ ᠬᠡᠤᠬᠡᠳ ᠤᠨ ᠡᠮ ᠤᠨ ᠵᠦᠢᠯ ᠤᠨ ᠲᠣᠳᠣᠷᠬᠠᠶ ᠬᠠᠭᠤᠳᠠᠰᠤ ᠶᠢ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠪᠠ︔ ᠤᠯᠤᠰ ᠠᠴᠠ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠬᠡᠪᠴᠢᠶᠡᠨ ᠳᠤ ᠣᠷᠣᠭᠤᠯᠤᠭᠠᠳ ᠠᠮᠵᠢᠯᠲᠠ ᠲᠠᠢ ᠴᠤᠭᠯᠠᠭᠤᠯᠤᠭᠰᠠᠨ ᠡᠮ ᠤᠨ ᠵᠦᠢᠯ︔ 2015 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠵᠠᠬ᠎ᠠ ᠳᠡᠯᠭᠡᠭᠦᠷ ᠲᠤ ᠭᠠᠷᠭᠠᠬᠤ ᠪᠠᠷ ᠵᠥᠪᠰᠢᠶᠡᠷᠡᠭᠳᠡᠭᠰᠡᠨ ᠡᠮ ᠤᠨ ᠵᠦᠢᠯ ᠵᠢᠴᠢ 2015 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠳᠣᠭᠢᠷᠠᠬᠤ ᠡᠪᠡᠳᠴᠢᠨ᠂ ᠴᠢᠳᠠᠮᠵᠢ ᠪᠠᠷ ᠭᠤᠤᠯᠯᠠᠨ ᠵᠠᠰᠠᠬᠤ ᠵᠡᠷᠭᠡ ᠴᠢᠬᠤᠯᠠ ᠶᠡᠭᠡ ᠬᠤᠪᠢᠷᠠᠯᠲᠠ ᠭᠠᠷᠤᠭᠰᠠᠨ ᠡᠮ ᠤᠨ ᠵᠦᠢᠯ᠃ ᠡᠭᠦᠨ ᠤ ᠵᠡᠷᠭᠡᠪᠡᠷ᠂ ᠡᠯ᠎ᠡ ᠮᠤᠵᠢ ᠶᠢᠨ ᠤᠤᠯ ᠤᠨ ᠥᠪᠡᠰᠦᠪᠡᠨ ᠨᠡᠮᠡᠵᠦ ᠨᠥᠬᠦᠪᠥᠷᠢᠯᠡᠭᠰᠡᠨ ᠡᠮ ᠤᠨ ᠵᠦᠢᠯ ᠤᠨ ᠬᠡᠷᠡᠭᠯᠡᠬᠦ ᠡᠮ ᠤᠨ ᠦᠷᠭᠦᠯᠵᠢᠯᠡᠬᠦ ᠴᠢᠨᠠᠷ ᠢ ᠪᠣᠳᠣᠯᠬᠢᠯᠠᠭᠠᠳ᠂ ᠲᠣᠰ ᠤᠳᠠᠭ᠎ᠠ ᠪᠠᠰᠠ ︽5 ᠵᠢᠴᠢ 5 ᠠᠴᠠ ᠳᠡᠭᠡᠭᠰᠢᠬᠢ ᠮᠤᠵᠢ ᠶᠢᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠣᠷᠣᠭᠤᠯᠤᠭᠰᠠᠨ ᠡᠮ ᠤᠨ ᠵᠦᠢᠯ ︾ ᠢ ᠳᠣᠭᠢᠷᠠᠭᠤᠯᠬᠤ ᠬᠡᠪᠴᠢᠶᠡᠨ ᠳᠤ ᠣᠷᠣᠭᠤᠯᠤᠭᠰᠠᠨ ᠪᠠᠶᠢᠨ᠎ᠠ᠃ ᠮᠡᠳᠡᠭᠦᠯᠬᠦ ᠨᠥᠬᠦᠴᠡᠯ ᠢ ᠦᠨᠳᠦᠰᠦᠯᠡᠪᠡᠯ᠂ ᠨᠡᠶᠢᠲᠡ 704 ᠵᠦᠢᠯ ᠤᠨ ᠭᠠᠷᠴᠠᠭ ᠠᠴᠠ ᠭᠠᠳᠠᠨᠠᠬᠢ ᠡᠮ ᠤᠨ ᠵᠦᠢᠯ ᠢ ᠠᠮᠵᠢᠯᠲᠠ ᠲᠠᠢ ᠮᠡᠳᠡᠭᠦᠯᠪᠡ᠃      ᠮᠡᠳᠡᠭᠦᠯᠬᠦ ᠨᠥᠬᠦᠴᠡᠯ ᠢ ᠲᠣᠭᠲᠠᠭᠠᠬᠤ ᠶᠢᠨ ᠭᠤᠤᠯ ᠪᠣᠳᠣᠯᠬᠢᠯᠠᠯ ᠪᠣᠯ᠄ ᠨᠢᠭᠡ ᠳᠤ᠂ ᠡᠮᠴᠢᠯᠡᠭᠡᠨ ᠤ ᠬᠡᠷᠡᠭᠴᠡᠭᠡ ᠶᠢ ᠨᠠᠩ ᠰᠠᠶᠢᠨ ᠬᠠᠩᠭᠠᠨ᠎ᠠ᠃ ᠵᠢᠱᠢᠶᠡᠯᠡᠪᠡᠯ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠬᠤ ᠳᠤ ᠬᠡᠷᠡᠭᠯᠡᠬᠦ ᠡᠮ᠂ ᠡᠮᠴᠢᠯᠡᠭᠡᠨ ᠳᠤ ᠪᠠᠴᠢᠮ ᠬᠡᠷᠡᠭᠰᠡᠬᠦ ᠪᠤᠶᠤ ᠳᠠᠭᠤᠷᠢᠶᠠᠨ ᠬᠢᠬᠦ ᠶᠢ ᠵᠣᠷᠢᠭᠵᠢᠭᠤᠯᠬᠤ ᠡᠮ ᠤᠨ ᠵᠦᠢᠯ᠂ ᠤᠯᠤᠰ ᠤᠨ ᠦᠨᠳᠦᠰᠦᠨ ᠡᠮ ᠤᠨ ᠵᠦᠢᠯ᠂ ᠴᠤᠭᠯᠠᠭᠤᠯᠬᠤ ᠳᠤᠮᠳᠠ ᠠᠴᠠ ᠰᠣᠩᠭᠤᠭᠰᠠᠨ ᠡᠮ ᠤᠨ ᠵᠦᠢᠯ ᠵᠡᠷᠭᠡ᠃ ᠬᠤᠶᠠᠷ ᠲᠤ᠂ ᠰᠢᠨ᠎ᠡ ᠡᠮ ᠢ ᠬᠢᠨᠠᠨ ᠵᠥᠪᠰᠢᠶᠡᠷᠡᠬᠦ ᠠᠵᠢᠯ ᠲᠠᠢ ᠨᠠᠩ ᠰᠠᠶᠢᠨ ᠵᠣᠯᠭᠠᠭᠤᠯᠵᠤ᠂ ᠡᠮ ᠤᠨ ᠵᠦᠢᠯ ᠢ ᠬᠢᠨᠠᠨ ᠵᠥᠪᠰᠢᠶᠡᠷᠡᠬᠦ ᠪᠠ ᠡᠮ ᠡᠮᠨᠡᠯᠭᠡ ᠶᠢᠨ ᠳᠠᠭᠠᠳᠬᠠᠯ ᠢ ᠬᠢᠨᠠᠨ ᠲᠣᠭᠲᠠᠭᠠᠬᠤ ᠶᠢ ︽ᠵᠠᠪᠰᠠᠷ ᠥᠬᠡᠶ ᠵᠣᠯᠭᠠᠭᠤᠯᠬᠤ︾ ᠶᠢ ᠪᠡᠶᠡᠯᠡᠭᠦᠯᠵᠦ᠂ ᠰᠢᠨ᠎ᠡ ᠡᠮ ᠢ ᠡᠭᠦᠳᠦᠨ  ᠦᠢᠯᠡᠳᠬᠦ ᠶᠢ ᠵᠣᠷᠢᠭᠵᠢᠭᠤᠯᠬᠤ ᠤᠳᠤᠷᠢᠳᠤᠮᠵᠢ ᠶᠢ ᠢᠯᠡᠷᠡᠭᠦᠯᠦᠨ᠎ᠡ᠃ ᠵᠢᠱᠢᠶᠡᠯᠡᠪᠡᠯ ᠰᠢᠨ᠎ᠡ ᠪᠠᠷ ᠵᠠᠬ᠎ᠠ ᠳᠡᠯᠭᠡᠭᠦᠷ ᠲᠤ ᠭᠠᠷᠭᠠᠭᠰᠠᠨ ᠡᠮ ᠤᠨ ᠵᠦᠢᠯ᠂ ᠰᠢᠨ᠎ᠡ ᠪᠠᠷ ᠵᠥᠪᠰᠢᠶᠡᠷᠡᠭᠰᠡᠨ ᠵᠠᠰᠠᠪᠤᠷᠢ ᠶᠢᠨ ᠴᠢᠳᠠᠮᠵᠢ ᠪᠠᠷ ᠭᠤᠣᠯ ᠵᠠᠰᠠᠬᠤ ᠪᠤᠶᠤ ᠡᠪᠡᠳᠴᠢᠨ ᠳᠤ ᠵᠣᠬᠢᠴᠠᠬᠤ ᠡᠮ ᠤᠨ ᠵᠦᠢᠯ ᠳᠤ ᠵᠠᠰᠠᠪᠤᠷᠢ ᠣᠷᠣᠭᠤᠯᠤᠨ᠎ᠠ᠃ ᠭᠤᠷᠪᠠ ᠳᠤ᠂ ᠡᠮᠴᠢᠯᠡᠭᠡᠨ ᠳᠤ ᠬᠡᠷᠡᠭᠯᠡᠬᠦ ᠡᠮ ᠤᠨ ᠦᠷᠭᠦᠯᠵᠢᠯᠡᠬᠦ ᠴᠢᠨᠠᠷ ᠢ ᠬᠠᠷᠠᠭᠠᠯᠵᠠᠨ᠎ᠠ᠃ ᠵᠢᠱᠢᠶᠡᠯᠡᠪᠡᠯ 5 ᠠᠴᠠ ᠳᠡᠭᠡᠭᠰᠢᠬᠢ ᠮᠤᠵᠢ ᠶᠢᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠣᠷᠣᠭᠤᠯᠤᠭᠰᠠᠨ ᠡᠮ ᠤᠨ ᠵᠦᠢᠯ ᠢ ᠪᠠᠰᠠ ᠲᠣᠬᠢᠷᠠᠭᠤᠯᠬᠤ ᠬᠡᠪᠴᠢᠶᠡᠨ ᠳᠤ ᠣᠷᠣᠭᠤᠯᠤᠭᠰᠠᠨ ᠪᠠᠶᠢᠨ᠎ᠠ᠃      ᠳᠥᠷᠪᠡ᠂ ᠲᠣᠰ ᠤᠳᠠᠭᠠᠨ ᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠬᠡᠯᠡᠯᠴᠡᠭᠡ ᠶᠢᠨ ᠠᠮᠵᠢᠯᠲᠠ ᠤᠯᠬᠤ ᠬᠢᠭᠡᠳ ᠠᠮᠵᠢᠯᠲᠠ ᠤᠯᠬᠤ ᠡᠮ ᠤᠨ ᠵᠦᠢᠯ ᠤᠨ ᠲᠤᠭ᠎ᠠ ᠬᠡᠮᠵᠢᠶ᠎ᠡ᠂ ᠲᠥᠷᠥᠯ ᠬᠡᠯᠪᠡᠷᠢ᠂ ᠡᠮᠴᠢᠯᠡᠭᠡᠨ ᠤ ᠬᠦᠷᠢᠶ᠎ᠡ ᠬᠡᠪᠴᠢᠶ᠎ᠡ ᠵᠢᠴᠢ ᠦᠨ᠎ᠡ ᠬᠠᠩᠰᠢ ᠶᠢᠨ ᠪᠠᠭᠤᠷᠠᠯᠲᠠ ᠶᠢᠨ ᠬᠡᠮᠵᠢᠶ᠎ᠡ ᠨᠢ ᠬᠢᠷᠢ ᠵᠡᠷᠭᠡ ᠪᠣᠶ︖      ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ᠲᠣᠰ ᠤᠳᠠᠭᠠᠨ ᠤ ᠲᠣᠬᠢᠷᠠᠭᠤᠯᠤᠯᠲᠠ ᠶᠢᠨ ᠨᠢᠭᠡᠨ ᠴᠢᠬᠤᠯᠠ ᠣᠨᠴᠠᠯᠢᠭ ᠪᠣᠯ ᠳᠠᠷᠤᠶ ᠬᠡᠯᠡᠯᠴᠡᠭᠡᠷ ᠢᠶᠠᠷ ᠦᠨ᠎ᠡ ᠶᠢ ᠨᠢ ᠪᠠᠭᠤᠷᠠᠭᠤᠯᠤᠨ ᠰᠢᠯᠵᠢᠭᠦᠯᠦᠨ ᠣᠷᠣᠭᠤᠯᠤᠭᠰᠠᠨ ᠡᠮ ᠤᠨ ᠵᠦᠢᠯ ᠤᠨ ᠲᠤᠭ᠎ᠠ ᠬᠡᠮᠵᠢᠶ᠎ᠡ ᠨᠢ ᠬᠠᠮᠤᠭ ᠤᠨ ᠣᠯᠠᠨ ᠪᠠᠶᠢᠵᠤ᠂ ᠡᠮᠴᠢᠯᠡᠭᠡᠨ ᠤ ᠬᠦᠷᠢᠶ᠎ᠡ ᠬᠡᠪᠴᠢᠶ᠎ᠡ ᠨᠢ ᠬᠠᠮᠤᠭ ᠤᠨ ᠥᠷᠭᠡᠨ ᠳᠡᠯᠭᠡᠷ᠃      ᠪᠢᠳᠠ ᠨᠡᠶᠢᠳᠠ 162 ᠵᠦᠢᠯ ᠤᠨ ᠡᠮ ᠤᠨ ᠵᠦᠢᠯ ᠤᠨ ᠲᠤᠬᠠᠶ ᠬᠡᠯᠡᠯᠴᠡᠭᠡᠷ ᠬᠢᠵᠦ᠂ 119 ᠵᠦᠢᠯ ︵ᠡᠭᠦᠨ ᠳᠤ ᠭᠠᠷᠴᠠᠭ ᠠᠴᠠ ᠭᠠᠳᠠᠨ᠎ᠠ 96 ᠵᠦᠢᠯ᠂ ᠭᠠᠷᠴᠠᠭ ᠤᠨ ᠳᠣᠲᠣᠷ᠎ᠠ 23 ᠵᠦᠢᠯ ᠪᠤᠢ︶ ᠢ ᠠᠮᠵᠢᠯᠲᠠ ᠲᠠᠢ ᠬᠡᠯᠡᠯᠴᠡᠵᠦ᠂ ᠠᠮᠵᠢᠯᠲᠠ ᠣᠯᠤᠭᠰᠠᠨ ᠨᠤᠷᠮ᠎ᠠ ᠨᠢ 73.46% ᠳᠤ ᠬᠦᠷᠴᠦ᠂ ᠳᠤᠮᠳᠠᠴᠢ ᠪᠠᠷ 50.64% ᠪᠠᠷ ᠬᠢᠮᠳᠠᠷᠠᠪᠠ᠃ ᠲᠣᠰ ᠤᠳᠠᠭᠠᠨ ᠤ ᠭᠠᠷᠴᠠᠭ ᠲᠤ ᠲᠣᠬᠢᠷᠠᠭᠤᠯᠤᠯᠲᠠ ᠬᠢᠬᠦ ᠳᠤ ᠨᠡᠶᠢᠲᠡ 119 ᠵᠦᠢᠯ ᠤᠨ ᠡᠮ ᠤᠨ ᠵᠦᠢᠯ ︵ᠲᠤᠰᠠᠭᠠᠷ ᠡᠮ ᠤᠨ ᠵᠦᠢᠯ 96 ᠵᠦᠢᠯ᠂ ᠲᠤᠰᠠᠭᠠᠷ ᠪᠤᠰᠤ ᠡᠮ ᠤᠨ ᠵᠦᠢᠯ 23 ᠵᠦᠢᠯ ᠪᠠᠭᠲᠠᠨ᠎ᠠ︶ ᠢ ᠰᠢᠨ᠎ᠡ ᠪᠠᠷ ᠰᠢᠯᠵᠢᠭᠦᠯᠦᠨ ᠣᠷᠣᠭᠤᠯᠪᠠ᠂ ᠡᠲᠡᠭᠡᠷ ᠡᠮ ᠤᠨ ᠵᠦᠢᠯ ᠨᠢ ᠨᠡᠶᠢᠲᠡ 31 ᠡᠮᠴᠢᠯᠡᠭᠡᠨ ᠤ ᠳᠤᠭᠤᠶᠢᠯᠠᠩ ᠳᠤ ᠬᠤᠯᠪᠣᠭᠳᠠᠵᠤ᠂ ᠪᠣᠶ ᠪᠥᠬᠦᠶ ᠡᠮᠴᠢᠯᠡᠭᠡᠨ ᠤ ᠳᠤᠭᠤᠶᠢᠯᠠᠩ ᠤᠨ 86% ᠶᠢ ᠡᠵᠡᠯᠡᠵᠦ᠂ ᠡᠪᠡᠳᠴᠢᠲᠡᠨ ᠤ ᠠᠰᠢᠭ ᠭᠥᠷᠳᠡᠬᠦ ᠬᠡᠪᠴᠢᠶ᠎ᠡ ᠮᠠᠰᠢ ᠥᠷᠭᠡᠨ ᠪᠠᠶᠢᠵᠤ᠂ ᠡᠪᠡᠳᠴᠢᠲᠡᠨ ᠤ ᠠᠰᠢᠭ ᠭᠥᠷᠳᠡᠬᠦ ᠲᠥᠷᠥᠭᠳᠡᠯ ᠨᠠᠩ ᠴᠢᠩᠭ᠎ᠠ ᠪᠣᠯᠬᠤ ᠪᠣᠯᠤᠨ᠎ᠠ᠃      ᠲᠠᠪᠤ᠂ ᠭᠠᠷᠴᠠᠭ ᠤᠨ ᠳᠣᠲᠣᠷ᠎ᠠ 29 ᠵᠦᠢᠯ ᠤᠨ ᠡᠮ ᠢ ᠰᠢᠯᠵᠢᠭᠦᠯᠦᠨ ᠭᠠᠷᠭᠠᠭᠰᠠᠨ ᠪᠠᠶᠢᠪᠠᠯ᠂ ᠶᠠᠮᠠᠷ ᠪᠠᠶᠢᠳᠠᠯ ᠳᠣᠤᠷ᠎ᠠ ᠡᠮ ᠢ ᠰᠢᠯᠵᠢᠭᠦᠯᠦᠨ ᠭᠠᠷᠭᠠᠵᠤ ᠪᠣᠯᠬᠤ ᠪᠣᠶ︖ ᠬᠤᠯᠪᠣᠭᠳᠠᠯ ᠪᠥᠬᠦᠶ ᠡᠪᠡᠳᠴᠢᠲᠡᠨ ᠤ ᠡᠮ ᠬᠡᠷᠡᠭᠯᠡᠬᠦ ᠳᠤ ᠨᠥᠯᠥᠭᠡ ᠲᠠᠢ ᠤᠤ︖      ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ ᠪᠠᠷ ᠳᠡᠮᠵᠢᠨ᠂ ᠨᠡᠶᠢᠲᠡ 29 ᠵᠦᠢᠯ ᠤᠨ ᠡᠮ ᠤᠨ ᠵᠦᠢᠯ ᠤᠨ ᠭᠠᠷᠴᠠᠭ ᠢ ᠰᠢᠯᠵᠢᠭᠦᠯᠦᠨ ᠭᠠᠷᠭᠠᠵᠠᠶ᠂ ᠡᠭᠦᠨ ᠳᠤ ᠭᠤᠤᠯᠳᠠᠭᠤ ᠡᠮᠴᠢᠯᠡᠭᠡᠨ ᠤ ᠦᠨ᠎ᠡ ᠥᠷᠲᠡᠭ ᠢᠶᠠᠷ ᠥᠨᠳᠥᠷ ᠪᠢᠰᠢ ᠪᠥᠭᠡᠳ ᠣᠷᠣᠯᠠᠭᠤᠯᠵᠤ ᠪᠣᠯᠬᠤ᠂ ᠡᠰᠡᠬᠦᠯ᠎ᠡ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠢᠴᠢᠭ ᠤᠨ ᠳ᠋ᠤᠭᠠᠷ ᠢ ᠨᠢ ᠬᠦᠴᠦᠨ ᠥᠬᠡᠶ ᠪᠣᠯᠭᠠᠭᠠᠳ ︽ᠦᠬᠦᠰᠢᠷᠡᠮᠡᠯ ᠡᠮ︾ ᠵᠡᠷᠭᠡ ᠲᠥᠷᠥᠯ ᠵᠦᠢᠯ ᠪᠣᠯᠭᠠᠭᠰᠠᠨ ᠪᠠᠶᠢᠨ᠎ᠠ᠃ ᠡᠳᠡᠭᠡᠷ ᠡᠮ ᠢ ᠰᠢᠯᠵᠢᠭᠦᠯᠦᠨ ᠭᠠᠷᠭᠠᠬᠤ ᠳᠤ ᠲᠤᠰᠬᠠᠶ ᠮᠡᠷᠭᠡᠵᠢᠯᠲᠡᠨ ᠤ ᠳᠠᠬᠢᠨ ᠳᠠᠪᠲᠠᠨ ᠨᠤᠲᠠᠯᠠᠬᠤ ᠪᠠᠷ ᠳᠠᠮᠵᠢᠵᠤ᠂ ᠠᠯᠬᠤᠮ ᠳᠠᠷᠠᠭ᠎ᠠ ᠶᠢ ᠴᠢᠩᠭ᠎ᠠ ᠵᠢᠷᠤᠮᠯᠠᠨ ᠲᠣᠭᠲᠠᠭᠠᠭᠰᠠᠨ ᠶᠤᠮ᠃ ᠲᠤᠰᠬᠠᠶ ᠮᠡᠷᠭᠡᠵᠢᠯᠲᠡᠳ ᠬᠢᠨᠠᠨ ᠲᠣᠭᠲᠠᠭᠠᠬᠤ ᠶᠠᠪᠤᠴᠠ ᠳᠤ᠂ ᠣᠷᠣᠯᠠᠭᠤᠯᠵᠤ ᠪᠣᠯᠬᠤ ᠴᠢᠨᠠᠷ ᠢ ᠨᠢᠭᠡ ᠵᠦᠢᠯ ᠤᠨ ᠴᠢᠬᠤᠯᠠ ᠬᠦᠢᠴᠡᠳᠭᠡᠯ ᠲᠤᠭ᠎ᠠ ᠪᠣᠯᠭᠠᠵᠤ᠂ ᠰᠢᠯᠵᠢᠭᠦᠯᠦᠨ ᠭᠠᠷᠭᠠᠭᠰᠠᠨ ᠡᠮ ᠤᠨ ᠵᠦᠢᠯ ᠤᠨ ᠭᠠᠷᠴᠠᠭ ᠲᠤ ᠴᠥᠮ ᠡᠮᠴᠢᠯᠡᠭᠡᠨ ᠤ ᠲᠤᠰᠠ ᠨᠢ ᠠᠳᠠᠯᠢᠪᠲᠤᠷ ᠪᠤᠶᠤ ᠨᠠᠩ ᠰᠠᠶᠢᠨ ᠡᠮ ᠤᠨ ᠵᠦᠢᠯ ᠢ ᠣᠷᠣᠯᠠᠭᠤᠯᠵᠤ ᠪᠣᠯᠤᠨ᠎ᠠ᠃ ᠡᠭᠦᠨ ᠤ ᠵᠡᠷᠭᠡᠪᠡᠷ᠂ ᠡᠲᠡᠭᠡᠷ ᠡᠮ ᠤᠨ ᠵᠦᠢᠯ ᠢ ᠰᠢᠯᠵᠢᠭᠦᠯᠦᠨ ᠭᠠᠷᠭᠠᠭᠰᠠᠨ ᠨᠢ ᠨᠠᠩ ᠣᠯᠠᠨ ᠰᠢᠨ᠎ᠡ ᠡᠮ᠂ ᠰᠠᠶᠢᠨ ᠡᠮ ᠢ ᠭᠠᠷᠴᠠᠭ ᠲᠤ ᠣᠷᠣᠭᠤᠯᠬᠤ ᠳᠤ ᠣᠷᠣᠨ ᠵᠠᠶ ᠭᠠᠷᠭᠠᠵᠤ ᠥᠭᠭᠦᠭᠰᠡᠨ ᠪᠠᠶᠢᠨ᠎ᠠ᠃     ᠵᠢᠷᠭᠤᠭ᠎ᠠ᠂ ᠡᠨᠡ ᠤᠳᠠᠭ᠎ᠠ ᠭᠠᠷᠴᠠᠭ ᠲᠤ ᠣᠷᠤᠭᠠᠳ ᠨᠡᠯᠢᠶᠡᠳ ᠤᠳᠠᠭᠰᠠᠨ ᠵᠠᠷᠢᠮ ︽ᠬᠠᠭᠤᠴᠢᠨ ᠡᠮ ᠤᠨ ᠲᠥᠷᠦᠯ︾ ᠢ  ᠬᠡᠯᠡᠯᠴᠡᠭᠡᠷ ᠬᠢᠬᠦ ᠬᠡᠪᠴᠢᠶᠡᠨ ᠳᠤ ᠣᠷᠤᠭᠤᠯᠤᠭᠰᠠᠨ ᠨᠢ ᠶᠠᠮᠠᠷ ᠪᠣᠳᠣᠯᠬᠢᠯᠠᠯ ᠲᠠᠢ ᠪᠤᠢ︖      ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠡᠷᠡᠭᠯᠡᠬᠦ ᠡᠮ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠠᠷᠪᠠᠳᠤᠭᠠᠷ ᠵᠦᠢᠯ ᠳᠤ᠄ ︽ᠠᠳᠠᠯᠢ ᠡᠮᠴᠢᠯᠡᠭᠡᠨ ᠤ ᠬᠦᠷᠢᠶᠡᠨ ᠳᠤ᠂ ᠦᠨ᠎ᠡ ᠬᠠᠩᠰᠢ ᠪᠤᠶᠤ ᠵᠠᠷᠤᠳᠠᠯ ᠨᠢ ᠥᠨᠳᠥᠷ ᠪᠥᠭᠡᠳ ᠵᠦᠢ ᠵᠣᠬᠢᠰᠲᠠᠢ ᠰᠢᠯᠲᠠᠭᠠᠨ ᠦᠭᠡᠢ ᠡᠮ ᠤᠨ ᠵᠦᠢᠯ︾᠂ ︽ᠡᠮᠴᠢᠯᠡᠭᠡᠨ ᠤ ᠦᠨ᠎ᠡ ᠥᠷᠲᠡᠭ ᠨᠢ ᠣᠨᠣᠪᠴᠢ ᠦᠭᠡᠢ᠂ ᠨᠡᠩ ᠰᠠᠶᠢᠨ ᠣᠷᠣᠯᠠᠵᠤ ᠪᠣᠯᠬᠤ ᠡᠮ ᠤᠨ ᠵᠦᠢᠯ︾ ᠵᠡᠷᠭᠡ ᠶᠢ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ ᠵᠡᠷᠭᠡ ᠲᠣᠭᠲᠠᠭᠰᠠᠨ ᠵᠢᠷᠤᠮ ᠢᠶᠠᠷ ᠳᠠᠮᠵᠢᠭᠰᠠᠨ ᠤ ᠳᠠᠷᠠᠭ᠎ᠠ᠂ ︽ᠡᠮ ᠤᠨ ᠵᠦᠢᠯ ᠤᠨ ᠭᠠᠷᠴᠠᠭ︾ ᠠᠴᠠ ᠰᠢᠯᠵᠢᠭᠦᠯᠦᠨ ᠭᠠᠷᠭᠠᠵᠤ ᠪᠣᠯᠤᠨ᠎ᠠ ᠭᠡᠵᠦ ᠲᠣᠳᠣᠷᠬᠠᠢ ᠲᠣᠭᠲᠠᠭᠠᠵᠠᠢ᠃ ᠡᠨᠡ ᠵᠢᠯ ᠤᠨ ᠲᠣᠬᠢᠷᠠᠭᠤᠯᠤᠯᠲᠠ ᠬᠢᠬᠦ ᠶᠠᠪᠤᠴᠠ ᠳᠤ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠳᠠᠬᠢᠨ ᠳᠠᠪᠲᠠᠨ ᠨᠤᠲᠠᠯᠠᠯᠲᠠ ᠬᠢᠬᠦ ᠪᠠ ᠴᠢᠩᠭ᠎ᠠ ᠬᠢᠨᠠᠨ ᠲᠣᠭᠲᠠᠭᠠᠬᠤ ᠪᠠᠷ ᠳᠡᠮᠵᠢᠨ᠂ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠣᠰᠣᠭᠠᠷ 14 ᠵᠦᠢᠯ ᠤᠨ ᠭᠠᠷᠴᠠᠭ ᠤᠨ ᠳᠣᠲᠣᠷᠠᠬᠢ ᠡᠮ ᠤᠨ ᠵᠦᠢᠯ ᠢ ᠬᠡᠯᠡᠯᠴᠡᠭᠡᠷ ᠬᠢᠬᠦ ᠬᠡᠪᠴᠢᠶᠡᠨ ᠳᠤ ᠣᠷᠣᠭᠤᠯᠵᠠᠶ᠂ ᠬᠡᠷᠪᠡ ᠬᠡᠯᠡᠯᠴᠡᠭᠡᠷ ᠬᠢᠭᠡᠳ ᠠᠮᠵᠢᠯᠲᠠ ᠣᠯᠪᠠᠯ ᠭᠠᠷᠴᠠᠭ ᠲᠤ ᠦᠯᠡᠳᠡᠭᠡᠨ᠎ᠡ᠂ ᠡᠰᠡ ᠲᠡᠭᠡᠪᠡᠯ ᠭᠠᠷᠴᠠᠭ ᠠᠴᠠ ᠰᠢᠯᠵᠢᠭᠦᠯᠵᠦ ᠭᠠᠷᠭᠠᠨ᠎ᠠ᠃ ᠡᠨᠡ 14 ᠵᠦᠢᠯ ᠤᠨ ᠡᠮ ᠤᠨ ᠵᠦᠢᠯ ᠪᠣᠯ ᠴᠥᠮ ᠡᠮᠦᠨᠡᠬᠢ ᠬᠤᠭᠤᠴᠠᠭᠠᠨ ᠤ ᠣᠷᠣᠬᠤ ᠶᠢ ᠵᠥᠪᠰᠢᠶᠡᠷᠡᠬᠦ ᠭᠠᠷᠴᠠᠭ ᠤᠨ ᠦᠶ᠎ᠡ ᠳᠤ ᠬᠡᠯᠡᠯᠴᠡᠭᠡᠷ ᠬᠢᠭᠰᠡᠨ ᠥᠬᠡᠶ ᠮᠥᠷᠲᠡᠭᠡᠨ ᠦᠨᠡᠯᠡᠨ ᠵᠢᠱᠢᠭᠰᠡᠨ ᠦᠨ᠎ᠡ ᠬᠠᠩᠰᠢ ᠪᠤᠶᠤ ᠵᠠᠷᠤᠳᠠᠯ ᠨᠢ ᠢᠯᠡᠳᠲᠡ ᠥᠨᠳᠥᠷ ᠰᠢᠭ ᠡᠮ ᠤᠨ ᠵᠦᠢᠯ ᠪᠣᠯᠤᠨ᠎ᠠ᠃  ᠬᠡᠯᠡᠯᠴᠡᠭᠡᠷ ᠬᠢᠬᠦ ᠪᠠᠷ ᠳᠠᠮᠵᠢᠭᠠᠳ 14 ᠵᠦᠢᠯ ᠤᠨ ᠡᠮ ᠤᠨ ᠵᠦᠢᠯ ᠢ ᠴᠥᠮ ᠬᠡᠯᠡᠯᠴᠡᠭᠡ ᠬᠢᠭᠡᠳ ᠠᠮᠵᠢᠯᠲᠠ ᠣᠯᠤᠭᠰᠠᠨ ᠪᠥᠭᠡᠳ ᠲᠡᠭᠦᠨ ᠢ ᠭᠠᠷᠴᠠᠭ ᠲᠤ ᠦᠯᠡᠳᠡᠭᠡᠵᠦ᠂ ᠳᠤᠮᠳᠠᠴᠢ ᠪᠠᠷ 43.46% ᠪᠠᠷ ᠬᠢᠮᠳᠠᠷᠠᠭᠤᠯᠵᠠᠶ᠃      ᠭᠠᠷᠴᠠᠭ ᠤᠨ ᠳᠣᠲᠤᠷᠠᠬᠢ ᠬᠡᠯᠡᠯᠴᠡᠭᠡᠷ ᠬᠢᠭᠰᠡᠨ ᠦᠭᠡᠢ ︽ᠬᠠᠭᠤᠴᠢᠨ ᠡᠮ ᠤᠨ ᠲᠥᠷᠦᠯ︾ ᠢ ᠬᠡᠯᠡᠯᠴᠡᠭᠡᠷ ᠲᠤ ᠣᠷᠣᠭᠤᠯᠬᠤ ᠳᠤ ᠭᠤᠣᠯᠳᠠᠭᠤ ᠭᠤᠷᠪᠠᠨ ᠲᠠᠯ᠎ᠠ ᠶᠢ ᠪᠣᠳᠣᠯᠬᠢᠯᠠᠵᠠᠶ᠂ ᠨᠢᠭᠡ ᠳᠤ᠂ ᠡᠮ ᠤᠨ ᠵᠦᠢᠯ ᠤᠨ ᠠᠵᠤ ᠠᠬᠤᠶ ᠶᠢᠨ ᠴᠢᠨᠠᠷ ᠢ ᠳᠡᠭᠡᠭᠰᠢᠯᠡᠭᠦᠯᠦᠨ᠎ᠡ᠃ ᠡᠮ ᠤᠨ ᠵᠦᠢᠯ ᠳᠤ ᠪᠠᠰᠠ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠲᠠᠢ ᠪᠠᠶᠢᠵᠤ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠣᠷᠴᠢᠨ ᠲᠣᠭᠤᠷᠢᠨ ᠤ ᠬᠤᠪᠢᠷᠠᠯᠲᠠ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠡᠮ ᠤᠨ ᠵᠦᠢᠯ ᠤᠨ ᠳᠥᠯᠥᠬᠦ ᠪᠠᠷᠢᠮᠵᠢᠶ᠎ᠠ ᠶᠢ ᠴᠤ ᠵᠣᠬᠢᠴᠠᠩᠭᠤᠶ ᠪᠠᠷ ᠳᠣᠭᠢᠷᠠᠭᠤᠯᠬᠤ ᠬᠡᠷᠡᠭᠲᠡᠶ᠃ ᠪᠣᠳᠠᠲᠠᠶ ᠪᠠᠶᠢᠳᠠᠯ ᠠᠴᠠ ᠦᠵᠡᠪᠡᠯ᠂ ᠬᠡᠰᠡᠭ ᠡᠮ ᠤᠨ ᠵᠦᠢᠯ ᠢ ᠭᠠᠷᠴᠠᠭ ᠲᠤ ᠣᠷᠣᠭᠤᠯᠤᠭᠰᠠᠨ ᠤ ᠳᠠᠷᠠᠭ᠎ᠠ᠂ ᠳᠥᠯᠥᠬᠦ ᠪᠠᠷᠢᠮᠵᠢᠶ᠎ᠠ ᠳᠤ ᠣᠷᠳᠣ ᠬᠤᠭᠤᠴᠠᠭ᠎ᠠ ᠪᠠᠷ ᠲᠣᠬᠢᠷᠠᠭᠤᠯᠤᠯᠲᠠ ᠬᠢᠭᠰᠡᠨ ᠥᠬᠡᠶ ᠪᠤᠶᠤ ᠲᠣᠬᠢᠷᠠᠭᠤᠯᠤᠯᠲᠠ ᠬᠢᠭᠰᠡᠨ ᠨᠢ ᠬᠦᠷᠦᠯᠴᠡᠬᠦ ᠥᠬᠡᠶ ᠠᠴᠠ ᠪᠣᠯᠵᠣ᠂ ᠠᠵᠤ ᠠᠬᠤᠶ ᠶᠢᠨ ᠴᠢᠨᠠᠷ ᠨᠢ ᠢᠯᠡᠳᠲᠡ ᠪᠠᠭᠤᠷᠠᠭᠰᠠᠨ ᠪᠠᠶᠢᠨ᠎ᠠ᠃ ᠬᠡᠯᠡᠯᠴᠡᠭᠡᠷ ᠬᠢᠬᠦ ᠪᠣᠯ ᠠᠵᠤ ᠠᠬᠤᠶ ᠶᠢᠨ ᠴᠢᠨᠠᠷ ᠢ   ᠨᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠷᠡᠭᠯᠡᠭᠦᠷ ᠮᠥᠨ᠃ ᠬᠤᠶᠠᠷ ᠲᠤ᠂ ᠲᠥᠪ ᠭᠤᠣᠯᠴᠢ ᠴᠢᠨᠠᠷ ᠢ ᠳᠡᠭᠡᠭᠰᠢᠯᠡᠭᠦᠯᠦᠨ᠎ᠡ ᠃ ᠬᠡᠯᠡᠯᠴᠡᠭᠡᠷ ᠬᠢᠬᠦ ᠲᠣᠭᠲᠠᠴᠠ ᠶᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠣᠶᠢᠷ᠎ᠠ ᠶᠢᠨ ᠵᠢᠯ ᠤᠳ ᠲᠤ ᠵᠠᠷᠢᠮ ᠰᠢᠨ᠎ᠡ ᠪᠠᠷ ᠵᠥᠪᠰᠢᠶᠡᠷᠡᠨ ᠣᠷᠣᠭᠤᠯᠬᠤ ᠭᠠᠷᠴᠠᠭ ᠤᠨ ᠡᠮ ᠤᠨ ᠵᠦᠢᠯ ᠤᠨ ᠴᠢᠨᠠᠷ ᠦᠨ᠎ᠡ ᠶᠢᠨ ᠬᠠᠷᠢᠴᠠᠯ ᠨᠢ ᠨᠠᠩ ᠥᠨᠳᠥᠷ ᠪᠣᠯᠵᠣ᠂ ᠤᠤᠯ ᠤᠨ ᠭᠠᠷᠴᠠᠭ ᠤᠨ ᠳᠣᠲᠣᠷᠠᠬᠢ ︽ᠬᠠᠭᠤᠴᠢᠨ ᠡᠮ ᠤᠨ ᠲᠥᠷᠦᠯ︾ ᠲᠠᠢ ᠬᠠᠷᠢᠴᠠᠭᠤᠯᠪᠠᠯ ᠦᠨ᠎ᠡ ᠬᠠᠩᠰᠢ ᠶᠢᠨ ︽ᠲᠣᠩᠭᠤᠷᠠᠬᠤ︾ ᠦᠵᠡᠭᠳᠡᠯ ᠢᠯᠡᠷᠡᠵᠡᠶ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠪᠠ ᠡᠪᠡᠳᠴᠢᠲᠡᠨ ᠤ ᠡᠷᠬᠡ ᠠᠰᠢᠭ ᠤᠨ ᠲᠥᠪ ᠭᠤᠤᠯᠴᠢ ᠴᠢᠨᠠᠷ ᠢ ᠬᠠᠮᠠᠭᠠᠯᠠᠬᠤ ᠶᠢᠨ ᠲᠥᠯᠥᠭᠡ᠂ ᠪᠢᠳᠡ ᠵᠠᠬ᠎ᠠ ᠳᠡᠯᠭᠡᠭᠦᠷ ᠤᠨ ᠲᠣᠭᠲᠠᠴᠠ ᠶᠢ ᠠᠰᠢᠭᠯᠠᠨ᠂ ︽ᠬᠠᠭᠤᠴᠢᠨ ᠡᠮ ᠤᠨ ᠲᠥᠷᠦᠯ︾ ᠤᠨ ᠲᠤᠬᠠᠶ ᠬᠡᠯᠡᠯᠴᠡᠭᠡᠷ ᠬᠢᠵᠦ᠂ ᠲᠡᠳᠡᠨ ᠤ ᠳᠥᠯᠥᠬᠦ ᠪᠠᠷᠢᠮᠵᠢᠶ᠎ᠠ ᠶᠢ ᠵᠦᠶ ᠵᠣᠬᠢᠰᠲᠠᠶ ᠪᠣᠯᠭᠠᠬᠤ ᠪᠠᠷ ᠬᠥᠲᠥᠯᠦᠨ ᠵᠢᠯᠣᠭᠤᠳᠪᠠ᠃ ᠭᠤᠷᠪᠠ ᠳᠤ᠂ ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠵᠦ᠂ ᠰᠠᠭᠤᠷᠢ ᠮᠥᠩᠭᠦᠨ ᠤ ᠵᠠᠷᠤᠯᠭ᠎ᠠ ᠶᠢ ᠠᠷᠪᠢᠯᠠᠨ᠎ᠠ᠃ ︽ᠬᠠᠭᠤᠴᠢᠨ ᠡᠮ ᠤᠨ ᠲᠥᠷᠦᠯ︾ ᠤᠨ ᠲᠤᠬᠠᠶ ᠬᠡᠯᠡᠯᠴᠡᠭᠡᠷ ᠬᠢᠬᠦ ᠪᠠᠷ ᠳᠡᠮᠵᠢᠨ᠂ ᠡᠪᠡᠳᠴᠢᠲᠡᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ ᠴᠢᠳᠠᠨ᠎ᠠ ᠭᠡᠳᠡᠭ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ᠃      ᠬᠤᠶᠢᠰᠢᠳᠠ ᠶᠢᠨ ᠲᠣᠬᠢᠷᠠᠭᠤᠯᠤᠯᠲᠠ ᠶᠢᠨ ᠳᠤᠮᠳᠠ᠂ ᠪᠢᠳᠡ ᠪᠠᠰᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠰᠢᠯᠭᠠᠷᠠᠭᠤᠯᠵᠤ᠂ ᠨᠥᠬᠦᠴᠡᠯ ᠳᠤ ᠨᠡᠶᠢᠴᠡᠬᠦ ︽ᠬᠠᠭᠤᠴᠢᠨ ᠡᠮ ᠤᠨ ᠲᠥᠷᠦᠯ︾ ᠤᠨ ᠲᠤᠬᠠᠶ ᠬᠡᠯᠡᠯᠴᠡᠭᠡᠷ ᠬᠢᠵᠦ᠂ ᠭᠠᠷᠴᠠᠭ ᠤᠨ ᠳᠣᠲᠣᠷᠠᠬᠢ ᠡᠮ ᠤᠨ ᠵᠦᠢᠯ ᠤᠨ ᠠᠵᠤ ᠠᠬᠤᠶ ᠶᠢᠨ ᠴᠢᠨᠠᠷ ᠢ ᠬᠦᠴᠦᠯᠡᠨ ᠳᠡᠭᠡᠭᠰᠢᠯᠡᠭᠦᠯᠬᠦ ᠪᠣᠯᠤᠨ᠎ᠠ᠃     ᠳᠣᠯᠤᠭ᠎ᠠ᠂ ᠡᠨᠡ ᠵᠢᠯ ᠤᠨ ᠲᠣᠬᠢᠷᠠᠭᠤᠯᠤᠯᠲᠠ ᠪᠠᠷ ᠳᠡᠮᠵᠢᠨ᠂ ᠥᠮᠡᠨ ᠢ ᠳᠠᠷᠤᠬᠤ ᠡᠮ ᠤᠨ ᠬᠦᠷᠢᠶᠡᠨ ᠳᠠᠬᠢ ᠪᠠᠲᠤᠯᠠᠭ᠎ᠠ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠪᠣᠶ︖      ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠥᠮᠡᠨ ᠳᠠᠷᠤᠬᠤ ᠡᠮ ᠤᠨ ᠪᠠᠲᠤᠯᠠᠭ᠎ᠠ ᠶᠢᠨ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠦᠵᠡᠪᠡ᠃ 2018 ᠣᠨ ᠳᠤ᠂ ᠮᠠᠨ ᠤ ᠲᠣᠪᠴᠢᠶ᠎ᠠ ᠪᠠᠶᠢᠭᠤᠯᠤᠭᠳᠠᠮᠠᠭᠴᠠ ᠳᠠᠷᠤᠶ ᠥᠮᠡᠨ ᠳᠠᠷᠤᠬᠤ ᠡᠮ ᠤᠨ ᠲᠤᠰᠬᠠᠶ ᠵᠦᠢᠯ ᠤᠨ ᠵᠥᠪᠰᠢᠶᠡᠷᠡᠯ ᠤᠨ ᠬᠡᠯᠡᠯᠴᠡᠭᠡᠷ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠴᠦᠰ ᠲᠡᠭᠡᠨ 17 ᠵᠦᠢᠯ ᠤᠨ ᠡᠮ ᠤᠨ ᠵᠦᠢᠯ ᠢ ᠬᠡᠯᠡᠯᠴᠡᠭᠡᠷ ᠢᠶᠠᠷ ᠳᠠᠮᠵᠢᠨ ᠭᠠᠷᠴᠠᠭ ᠲᠤ ᠠᠮᠵᠢᠯᠲᠠᠲᠠᠶ ᠣᠷᠣᠭᠤᠯᠤᠭᠰᠠᠨ ᠪᠥᠭᠡᠳ ᠡᠨᠡ ᠵᠢᠯ ᠤᠨ ᠡᠴᠦᠰ ᠲᠤ ᠬᠡᠯᠡᠯᠴᠡᠭᠡᠷ ᠤᠨ ᠬᠤᠭᠤᠴᠠᠭ᠎ᠠ ᠨᠢ ᠲᠤᠯᠬᠤ ᠪᠣᠯᠤᠨ᠎ᠠ᠃ ᠡᠨᠡ 17 ᠵᠦᠢᠯ ᠤᠨ ᠥᠮᠡᠨ ᠳᠠᠷᠤᠬᠤ ᠡᠮ ᠤᠨ ᠳᠣᠲᠣᠷ᠎ᠠ᠂ 3 ᠵᠦᠢᠯ ᠤᠨ ᠡᠮ ᠤᠨ ᠳᠠᠭᠤᠷᠢᠶᠠᠮᠠᠯ ᠡᠮ ᠢ ᠵᠠᠬ᠎ᠠ ᠳᠡᠯᠭᠡᠭᠦᠷ ᠲᠤ ᠭᠠᠷᠭᠠᠬᠤ ᠳᠤ ᠬᠥᠬᠡᠭᠴᠢᠨ ᠲᠥᠷᠥᠯ ᠤᠨ ᠬᠠᠮᠢᠶᠠᠷᠤᠯᠲᠠ ᠳᠤ ᠣᠷᠣᠭᠤᠯᠤᠭᠰᠠᠨ ᠪᠠᠶᠢᠨ᠎ᠠ᠃ 14 ᠵᠦᠢᠯ ᠤᠨ ᠲᠤᠰᠠᠭᠠᠷ ᠡᠮ ᠤᠨ ᠵᠦᠢᠯ ᠳᠤ ᠲᠦᠷᠢᠮ ᠤᠨ ᠶᠣᠰᠣᠭᠠᠷ ᠭᠡᠷ᠎ᠡ ᠶᠢ ᠦᠷᠭᠦᠯᠵᠢᠯᠡᠭᠦᠯᠬᠦ ᠪᠤᠶᠤ ᠳᠠᠬᠢᠨᠲᠠ ᠬᠡᠯᠡᠯᠴᠡᠭᠡᠷ ᠬᠢᠵᠦ᠂ ᠳᠤᠮᠳᠠᠴᠢ ᠪᠠᠭᠤᠷᠠᠯᠲᠠ ᠶᠢᠨ ᠬᠡᠮᠵᠢᠶ᠎ᠡ ᠨᠢ 14.95% ᠪᠠᠶᠢᠵᠤ᠂ ᠡᠭᠦᠨ ᠳᠤ ᠣᠨᠴᠠ ᠵᠠᠷᠢᠮ ᠨᠢᠭᠡᠳᠦᠭᠡᠷ ᠹᠷᠣᠨᠲ ᠤᠨ ᠥᠮᠡᠨ ᠳᠠᠷᠤᠬᠤ ᠡᠮ ᠤᠨ ᠪᠠᠭᠤᠷᠠᠯᠲᠠ ᠶᠢᠨ ᠬᠡᠮᠵᠢᠶ᠎ᠡ ᠨᠢ 60% ᠶᠢ ᠳᠠᠪᠠᠵᠠᠶ᠃ ᠵᠢᠱᠢᠯᠲᠡ ᠪᠠᠷ᠂ 14 ᠵᠦᠢᠯ ᠤᠨ ᠥᠮᠡᠨ ᠳᠠᠷᠤᠬᠤ ᠡᠮ ᠤᠨ ᠦᠨ᠎ᠡ ᠶᠢ ᠪᠠᠭᠤᠷᠠᠭᠤᠯᠵᠤ᠂ 2021 ᠣᠨ ᠳᠤ ᠥᠮᠡᠨ ᠡᠪᠡᠳᠴᠢᠲᠡᠨ ᠳᠤ 30 ᠭᠠᠷᠤᠶ ᠳ᠋ᠦᠩᠰᠢᠭᠤᠷ ᠲᠥᠭᠦᠷᠢᠭ ᠠᠷᠪᠢᠯᠠᠵᠤ ᠥᠭᠬᠦ  ᠪᠠᠷ ᠲᠥᠰᠦᠭᠡᠯᠡᠵᠣ ᠪᠣᠢ᠃ ᠡᠭᠦᠨ ᠤ ᠬᠠᠮᠲᠤ᠂ ᠲᠣᠰ ᠤᠳᠠᠭᠠᠨ ᠤ ᠲᠣᠬᠢᠷᠠᠭᠤᠯᠤᠯᠲᠠ ᠳᠤ ᠪᠠᠰᠠ 17 ᠵᠦᠢᠯ ᠤᠨ ᠥᠮᠡᠨ ᠳᠠᠷᠤᠬᠤ ᠡᠮ ᠢ ᠰᠢᠨ᠎ᠡ ᠪᠠᠷ ᠨᠡᠮᠡᠪᠡ᠂ ᠡᠭᠦᠨ ᠳᠤ PD-1᠂ ᠯᠦᠨᠹᠠᠲ᠋ᠢᠨᠢ ᠵᠡᠷᠭᠡ ᠰᠢᠨ᠎ᠡ ᠡᠮ ᠰᠠᠶᠢᠨ ᠡᠮ ᠪᠠᠭᠲᠠᠵᠤ᠂ ᠭᠠᠷᠴᠠᠭ ᠤᠨ ᠳᠣᠲᠣᠷᠠᠬᠢ ᠥᠮᠡᠨ ᠡᠪᠡᠳᠴᠢᠨ ᠳᠤ ᠬᠡᠷᠡᠭᠯᠡᠬᠦ ᠡᠮ ᠤᠨ ᠪᠠᠲᠤᠯᠠᠭ᠎ᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃       ᠨᠠᠢᠮᠠ᠂ ᠲᠣᠰ ᠤᠳᠠᠭᠠᠨ ᠤ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠨᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠠ ᠡᠪᠡᠳᠴᠢᠲᠡᠨ ᠤ ᠳᠠᠷᠤᠭᠠᠰᠤ ᠳᠤ ᠶᠠᠮᠠᠷ ᠨᠥᠯᠦᠭᠡ ᠲᠠᠢ ᠪᠣᠶ︖      ᠠᠩᠬ᠎ᠠ ᠠᠯᠬᠤᠮ ᠤᠨ ᠵᠢᠱᠢᠯᠲᠡ ᠶᠢ ᠦᠨᠳᠦᠰᠦᠯᠡᠪᠡᠯ᠂ ᠬᠡᠯᠡᠯᠴᠡᠭᠡᠷ ᠬᠢᠬᠦ ᠪᠠᠷ ᠳᠠᠮᠵᠢᠭᠤᠯᠤᠨ ᠦᠨ᠎ᠡ ᠶᠢ ᠪᠠᠭᠤᠷᠠᠭᠤᠯᠬᠤ ᠪᠠ ᠭᠠᠷᠴᠠᠭ ᠢ ᠰᠢᠯᠵᠢᠭᠦᠯᠦᠨ ᠭᠠᠷᠭᠠᠬᠤ ᠪᠠᠷ ᠳᠠᠮᠵᠢᠭᠤᠯᠤᠨ ᠰᠠᠭᠤᠷᠢ ᠮᠥᠩᠭᠦ ᠳᠤ ᠵᠣᠬᠢᠬᠤ ᠣᠷᠣᠨ ᠵᠠᠶ ᠭᠠᠷᠭᠠᠵᠤ ᠥᠭᠬᠦ ᠪᠣᠯᠤᠨ᠎ᠠ᠃ ᠭᠠᠷᠴᠠᠭ ᠲᠤ ᠲᠣᠬᠢᠷᠠᠭᠤᠯᠤᠯᠲᠠ ᠬᠢᠬᠦ ᠶᠠᠪᠤᠴᠠ ᠳᠤ᠂ ᠪᠢᠳᠡ ᠡᠮ ᠤᠨ ᠵᠦᠢᠯ ᠤᠨ ᠠᠵᠤ ᠠᠬᠤᠶ ᠶᠢᠨ ᠴᠢᠨᠠᠷ ᠢ ᠴᠢᠩᠭ᠎ᠠ ᠡᠵᠡᠮᠳᠡᠭᠰᠡᠨ ᠠᠴᠠ ᠪᠣᠯᠵᠣ᠂ ᠰᠢᠨ᠎ᠡ ᠪᠠᠷ ᠨᠡᠮᠡᠭᠳᠡᠭᠰᠡᠨ 119 ᠵᠦᠢᠯ ᠤᠨ ᠡᠮ ᠤᠨ ᠵᠦᠢᠯ ︵ᠲᠤᠰᠠᠭᠠᠷ 96 ᠵᠦᠢᠯ᠂ ᠲᠤᠰᠠᠭᠠᠷ ᠪᠤᠰᠤ 23 ᠵᠦᠢᠯ︶ ᠤᠨ ᠣᠯᠠᠩᠬᠢ ᠨᠢ ᠬᠡᠯᠡᠯᠴᠡᠭᠡᠷ ᠬᠢᠬᠦ ᠪᠠᠷ ᠳᠡᠮᠵᠢᠨ ᠦᠨ᠎ᠡ ᠪᠠᠭᠤᠷᠠᠭᠤᠯᠬᠤ ᠶᠢ ᠪᠡᠶᠡᠯᠡᠭᠦᠯᠦᠭᠰᠡᠨ ᠲᠤᠰᠠᠭᠠᠷ ᠡᠮ ᠤᠨ ᠵᠦᠢᠯ ᠪᠣᠯᠤᠨ᠎ᠠ᠂ ᠵᠢᠱᠢᠯᠲᠡ ᠪᠠᠷ 2021 ᠣᠨ ᠳᠤ ᠨᠡᠮᠡᠭᠳᠡᠬᠦ ᠰᠠᠭᠤᠷᠢ ᠮᠥᠩᠭᠦᠨ ᠤ ᠵᠠᠷᠤᠯᠭ᠎ᠠ ᠨᠢ ᠬᠡᠯᠡᠯᠴᠡᠭᠡᠷ ᠬᠢᠬᠦ ᠪᠠ ᠰᠢᠯᠵᠢᠭᠦᠯᠦᠨ ᠭᠠᠷᠭᠠᠬᠤ ᠡᠮ ᠤᠨ ᠵᠦᠢᠯ ᠤᠨ ᠭᠠᠷᠭᠠᠭᠰᠠᠨ ᠣᠷᠣᠨ ᠵᠠᠶ ᠲᠠᠢ ᠦᠨᠳᠦᠰᠦᠨ ᠳᠡᠭᠡᠨ ᠠᠳᠠᠯᠢ ᠶᠤᠮ᠃ ᠡᠭᠦᠨ ᠤ ᠬᠠᠮᠲᠤ᠂ ᠲᠣᠰ ᠤᠳᠠᠭᠠᠨ ᠤ ᠬᠡᠯᠡᠯᠴᠡᠭᠡᠷ ᠤᠨ ᠡᠮ ᠤᠨ ᠵᠦᠢᠯ ᠤᠨ ᠬᠡᠯᠡᠯᠴᠡᠭᠡᠷ ᠤᠨ ᠬᠦᠴᠦᠨ ᠲᠠᠢ ᠬᠤᠭᠤᠴᠠᠭ᠎ᠠ ᠨᠢ ᠬᠤᠶᠠᠷ ᠵᠢᠯ ᠪᠣᠯᠤᠨ᠎ᠠ᠂ ᠬᠤᠶᠠᠷ ᠵᠢᠯ ᠤᠨ ᠳᠠᠷᠠᠭ᠎ᠠ ᠪᠢᠳᠡ ᠪᠣᠳᠠᠲᠠᠶ ᠪᠣᠷᠣᠯᠠᠭᠤᠯᠭ᠎ᠠ ᠶᠢᠨ ᠪᠠᠶᠢᠳᠠᠯ ᠢ ᠦᠨᠳᠦᠰᠦᠯᠡᠨ ᠲᠡᠭᠦᠨ ᠤ ᠳᠥᠯᠥᠬᠦ ᠪᠠᠷᠢᠮᠵᠢᠶ᠎ᠠ ᠳᠤ ᠳᠠᠬᠢᠨᠲᠠ ᠲᠣᠬᠢᠷᠠᠭᠤᠯᠤᠯᠲᠠ ᠬᠢᠵᠦ᠂ ᠰᠠᠭᠤᠷᠢ ᠮᠥᠩᠭᠦᠨ ᠤ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠨ᠎ᠠ᠃      ᠡᠪᠡᠳᠴᠢᠲᠡᠨ ᠤ ᠳᠠᠷᠤᠭᠠᠰᠤ ᠶᠢᠨ ᠪᠠᠶᠢᠳᠠᠯ ᠠᠴᠠ ᠦᠵᠡᠪᠡᠯ᠂ ᠬᠡᠯᠡᠯᠴᠡᠭᠡᠷ ᠢᠶᠠᠷ ᠳᠡᠮᠵᠢᠨ ᠦᠨ᠎ᠡ ᠶᠢ ᠪᠠᠭᠤᠷᠠᠭᠤᠯᠬᠤ ᠪᠠ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠪᠠᠷ ᠳᠡᠮᠵᠢᠨ᠂ ᠵᠢᠱᠢᠯᠲᠡ ᠪᠠᠷ 2021 ᠣᠨ ᠳᠤ ᠡᠪᠡᠳᠴᠢᠲᠡᠨ ᠤ ᠳᠠᠷᠤᠭᠠᠰᠤ ᠶᠢ ᠨᠡᠶᠢᠲᠡ 280 ᠳ᠋ᠦᠩᠰᠢᠭᠤᠷ ᠲᠥᠭᠦᠷᠢᠭ ᠬᠥᠩᠭᠡᠯᠡᠬᠦ ᠪᠣᠯᠤᠨ᠎ᠠ᠃      ᠶᠢᠰᠦ᠂ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠳᠤ ᠴᠢᠭᠯᠡᠭᠦᠯᠦᠨ᠂ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠶᠢᠨ ᠡᠷᠬᠡ ᠲᠡᠭᠰᠢ ᠲᠥᠪ ᠭᠤᠤᠯᠴᠢ ᠪᠠ ᠵᠢᠷᠤᠮᠵᠢᠯ ᠲᠠᠢ ᠠᠷᠢᠭᠤᠨ ᠴᠢᠬᠡᠴᠢ ᠪᠠᠶᠢᠬᠤ ᠶᠢ ᠪᠠᠲᠤᠯᠠᠭᠰᠠᠨ ᠪᠣᠢ︖      ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠳᠤᠮᠳᠠᠬᠢ ᠬᠢᠨᠠᠯᠲᠠ ᠲᠠᠯᠪᠢᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠪᠴᠢᠶ᠎ᠠ ᠶᠢᠨ ᠤᠳᠤᠷᠢᠳᠤᠯᠭ᠎ᠠ ᠵᠠᠩᠭᠢᠯᠠᠭ᠎ᠠ ᠶᠢᠨ ᠭᠤᠭᠴᠤᠭ᠎ᠠ ᠳᠤ ᠪᠡᠶ᠎ᠡ ᠪᠠᠷ ᠢᠶᠠᠨ ᠪᠠᠶᠢᠷᠢᠯᠠᠭᠤᠯᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠬᠤᠯᠠᠴᠢᠯᠠᠵᠤ᠂  ᠬᠡᠯᠡᠯᠴᠡᠭᠡᠷ ᠬᠢᠬᠦ ᠠᠵᠢᠯ ᠤᠨ ᠰᠢᠨᠵᠢᠯᠡᠬᠦ ᠤᠬᠠᠭᠠᠨᠴᠢ᠂ ᠵᠢᠷᠤᠮᠵᠢᠭᠤᠨ᠂ ᠠᠷᠢᠭᠤᠨ ᠴᠢᠬᠡᠴᠢ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠳᠤᠯᠠᠪᠠ᠃ ᠨᠢᠭᠡ ᠳᠤ᠂ ᠲᠦᠷᠢᠮ ᠪᠠ ᠠᠷᠭ᠎ᠠ ᠬᠡᠮᠵᠢᠶ᠎ᠡ ᠶᠢ  ᠲᠡᠭᠦᠯᠳᠡᠷᠵᠢᠭᠦᠯᠪᠡ᠃ ᠭᠠᠷᠴᠠᠭ ᠲᠤ ᠲᠣᠬᠢᠷᠠᠭᠤᠯᠤᠯᠲᠠ ᠬᠢᠬᠦ ᠳᠤ ᠠᠮᠠᠷᠬᠠᠨ ᠭᠠᠷᠬᠤ ᠠᠶᠤᠯ ᠲᠦᠭᠰᠢᠭᠦᠷᠢ ᠶᠢᠨ ᠴᠡᠭ ᠲᠤ ᠴᠢᠭᠯᠡᠭᠦᠯᠦᠨ᠂ ᠲᠤᠰᠬᠠᠶ ᠮᠡᠷᠭᠡᠵᠢᠯᠲᠡᠨ᠂ ᠠᠵᠢᠯᠲᠠᠨ ᠪᠠ ᠠᠵᠤ ᠠᠬᠤᠶᠢᠯᠠᠯ ᠤᠨ ᠠᠵᠢᠯᠲᠠᠨ ᠳᠤ ᠴᠥᠮ ᠲᠣᠳᠣᠷᠬᠠᠶ ᠲᠦᠷᠢᠮ ᠤᠨ ᠠᠷᠭ᠎ᠠ ᠬᠡᠮᠵᠢᠶ᠎ᠡ ᠲᠣᠭᠲᠠᠭᠠᠵᠤ᠂ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠪᠡ᠃ ᠬᠤᠶᠠᠷ ᠲᠤ᠂ ᠲᠤᠰᠬᠠᠶ ᠮᠡᠷᠭᠡᠵᠢᠯᠲᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠲᠤᠰᠬᠠᠢ ᠮᠡᠷᠭᠡᠵᠢᠯᠲᠡᠨ ᠤ ᠨᠡᠷᠡᠰ ᠢ ᠲᠣᠭᠲᠠᠭᠠᠬᠤ᠂ ᠬᠤᠪᠢᠶᠠᠷᠢᠯᠠᠯᠲᠠ ᠶᠢ ᠬᠡᠮᠵᠢᠨ ᠪᠤᠳᠤᠬᠤ᠂ ᠬᠡᠯᠡᠯᠴᠡᠭᠡᠷ ᠬᠢᠬᠦ ᠡᠭᠦᠷᠭᠡ ᠵᠡᠷᠭᠡ ᠭᠤᠭᠴᠤᠭ᠎ᠠ ᠳᠤ ᠠᠰᠢᠭ ᠲᠤᠰᠠ ᠠᠴᠠ ᠵᠠᠶᠢᠯᠠᠬᠤ ᠪᠠ ᠲᠣᠬᠢᠶᠠᠯᠳᠤᠯ ᠢᠶᠠᠷ ᠬᠢᠬᠦ ᠵᠠᠷᠴᠢᠮ ᠢ ᠴᠢᠩᠭ᠎ᠠ ᠪᠠᠷᠢᠮᠲᠠᠯᠠᠵᠤ᠂ ᠪᠤᠢ ᠪᠦᠬᠦᠢ ᠲᠤᠰᠬᠠᠢ ᠮᠡᠷᠭᠡᠵᠢᠯᠲᠡᠨ ᠢ ᠲᠣᠬᠢᠶᠠᠯᠳᠤᠯ ᠢᠶᠠᠷ ᠰᠣᠩᠭᠤᠨ  ᠭᠠᠷᠭᠠᠪᠠ᠃ ᠲᠤᠰᠬᠠᠶ ᠮᠡᠷᠭᠡᠵᠢᠯᠲᠡᠨ ᠢ ᠡᠷᠬᠡᠪᠰᠢ ᠠᠵᠢᠯ ᠤᠨ ᠪᠠᠶᠢᠷᠢ ᠳᠡᠭᠡᠷ᠎ᠡ ᠪᠠᠨ ᠪᠠᠶᠢᠬᠤ ᠬᠡᠷᠡᠭᠲᠡᠶ ᠪᠥᠭᠡᠳ ᠲᠤᠰᠬᠠᠶ ᠮᠡᠷᠭᠡᠵᠢᠯᠲᠡᠨ ᠨᠢᠭᠡᠪᠦᠷᠢ ᠶᠢ ᠨᠢᠭᠡ ᠯᠡ ᠭᠤᠭᠴᠤᠭ᠎ᠠ ᠶᠢᠨ ᠠᠵᠢᠯ ᠳᠤ ᠣᠷᠣᠯᠴᠠᠭᠤᠯᠬᠤ ᠬᠡᠷᠡᠭᠲᠡᠶ ᠭᠡᠵᠦ ᠱᠠᠭᠠᠷᠳᠠᠵᠠᠶ᠃ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ᠂ ᠲᠥᠰᠦᠭᠡᠯᠡᠨ ᠪᠤᠳᠤᠬᠤ ᠵᠡᠷᠭᠡ ᠭᠤᠭᠴᠤᠭ᠎ᠠ ᠳᠤ ᠪᠦᠬᠦᠨ ᠢ ᠪᠢᠲᠡᠭᠦᠮᠵᠢᠯᠡᠬᠦ ᠶᠢ  ᠬᠡᠷᠡᠭᠵᠢᠭᠦᠯᠪᠡ᠃ ᠭᠤᠷᠪᠠ ᠳᠤ᠂ ᠳᠣᠲᠣᠭᠠᠳᠤ ᠡᠵᠡᠮᠳᠡᠯ ᠤᠨ ᠬᠠᠮᠢᠶᠠᠷᠤᠯᠲᠠ ᠶᠢ ᠴᠢᠩᠭᠠᠳᠬᠠᠪᠠ᠃ ᠲᠤᠰᠬᠠᠶ ᠵᠦᠢᠯ ᠤᠨ ᠠᠵᠢᠯ ᠤᠨ ᠳᠦᠷᠢᠮ ᠢ ᠲᠣᠭᠲᠠᠭᠠᠵᠤ᠂ ᠡᠯ᠎ᠡ ᠠᠵᠢᠯ ᠤᠨ ᠪᠠᠶᠢᠷᠢ ᠪᠠ ᠠᠵᠢᠯᠲᠠᠨ ᠤ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ᠂ ᠠᠰᠢᠭ ᠲᠤᠰᠠ ᠠᠴᠠ ᠵᠠᠶᠢᠯᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠳᠦᠷᠢᠮ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠ ᠨᠢᠭᠤᠴᠠ ᠶᠢ ᠬᠠᠮᠠᠭᠠᠯᠠᠬᠤ ᠵᠡᠷᠭᠡ ᠲᠠᠯ᠎ᠠ ᠶᠢᠨ ᠬᠥᠮᠦᠵᠢᠯ᠂ ᠬᠢᠨᠠᠯᠲᠠ ᠪᠠ ᠬᠠᠮᠢᠶᠠᠷᠤᠯᠲᠠ ᠶᠢ ᠴᠢᠩᠭᠠᠳᠬᠠᠪᠠ᠃ ᠲᠦᠷᠪᠡ ᠳᠤ᠂ ᠵᠢᠷᠤᠮᠵᠢᠭᠤᠯᠤᠨ ᠬᠢᠵᠠᠭᠠᠷᠯᠠᠬᠤ ᠶᠢ  ᠴᠢᠩᠭᠠᠳᠬᠠᠪᠠ᠃ ᠪᠣᠶ ᠪᠥᠬᠦᠶ ᠠᠵᠢᠯᠲᠠᠨ ᠪᠠ ᠲᠤᠰᠬᠠᠶ ᠮᠡᠷᠭᠡᠵᠢᠯᠲᠡᠨ ᠴᠥᠮ ︽ᠨᠢᠭᠤᠴᠠ ᠶᠢ ᠬᠠᠮᠠᠭᠠᠯᠠᠬᠤ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠮᠠᠯᠠᠯᠲᠠ ᠶᠢᠨ ᠪᠢᠴᠢᠭ︾ ︽ᠠᠰᠢᠭ ᠲᠤᠰᠠ ᠶᠢᠨ ᠮᠥᠷᠭᠦᠯᠳᠦᠭᠡᠨ ᠥᠬᠡᠶ ᠢᠯᠡᠷᠬᠡᠶᠢᠯᠡᠯᠲᠡ︾ ᠳᠤ ᠭᠠᠷ ᠤᠨ ᠥᠰᠥᠭ ᠵᠢᠷᠤᠪᠠ᠃ ᠪᠤᠢ ᠪᠦᠬᠦᠢ ᠲᠤᠰᠬᠠᠶ ᠮᠡᠷᠭᠡᠵᠢᠯᠲᠡᠨ ᠢ ᠴᠥᠮ ᠪᠠᠶᠢᠭ᠎ᠠ ᠨᠢᠭᠡᠴᠢ ᠶᠢᠨ ᠬᠢᠨᠢ ᠨᠠᠮ ᠤᠨ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ ᠶᠢᠨ ᠬᠠᠮᠲᠤ ᠠᠵᠤ ᠠᠬᠤᠶᠢᠯᠠᠯ ᠤᠨ ᠠᠰᠢᠭ ᠲᠤᠰᠠ ᠳᠤ ᠬᠤᠯᠪᠣᠭᠳᠠᠬᠤ ᠤᠴᠢᠷ ᠶᠠᠪᠤᠳᠠᠯ ᠢ ᠦᠨᠡᠨ ᠮᠥᠨ ᠢᠶᠠᠷ ᠨᠢ ᠮᠡᠳᠡᠭᠦᠯᠪᠡ᠃ ᠲᠠᠪᠤ ᠳᠤ᠂ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠤᠪᠠ᠂ ᠨᠡᠶᠢᠭᠡᠮ ᠤᠨ ᠡᠯ᠎ᠡ ᠡᠲᠡᠭᠡᠳ ᠤᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠤᠪᠠ᠃ ᠭᠠᠷᠴᠠᠭ ᠲᠤ ᠳᠤᠬᠢᠷᠠᠭᠤᠯᠤᠯᠳᠠ ᠬᠢᠬᠦ ᠠᠵᠢᠯ ᠳᠤ ᠵᠠᠭᠤᠴᠢᠯᠠᠭᠤᠷ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠡᠷᠭᠡ ᠲᠠᠯ᠎ᠠ ᠶᠢᠨ ᠬᠢᠨ ᠢ ᠤᠷᠢᠨ ᠣᠷᠣᠯᠴᠠᠭᠤᠯᠵᠤ᠂ ᠬᠡᠯᠡᠯᠴᠡᠭᠡᠷ ᠬᠢᠬᠦ ᠪᠦᠬᠦ ᠶᠠᠪᠤᠴᠠ ᠳᠤ ᠳᠠᠭᠤ ᠳᠦᠷᠰᠦ ᠰᠢᠩᠭᠡᠭᠡᠯᠲᠡ ᠬᠢᠵᠦ᠂ ᠪᠤᠢ ᠪᠦᠬᠦᠢ ᠭᠡᠷᠡᠴᠢ ᠪᠠᠷᠢᠮᠲᠠ ᠶᠢ ᠨᠡᠬᠡᠮᠵᠢᠯᠡᠵᠦ ᠪᠣᠯᠬᠤ᠂ ᠡᠯ᠎ᠡ ᠲᠠᠯ᠎ᠠ ᠶᠢᠨ ᠬᠢᠨ ᠭᠤᠮᠣᠳᠠᠯ ᠲᠣᠭᠠᠴᠢᠵᠤ ᠪᠣᠯᠬᠤ ᠶᠢ ᠪᠡᠶᠡᠯᠡᠭᠦᠯᠪᠡ᠃ ᠳᠡᠭᠡᠷᠡᠬᠢ ᠱᠠᠭᠠᠷᠳᠠᠯᠭ᠎ᠠ ᠶᠣᠰᠣᠭᠠᠷ᠂ ᠲᠤᠰ ᠤᠳᠠᠭᠠᠨ ᠤ ᠬᠡᠯᠡᠯᠴᠡᠭᠡᠷ ᠤᠨ ᠠᠵᠢᠯ ᠢ ᠵᠢᠷᠤᠮᠵᠢᠯ ᠲᠠᠢ ᠡᠮᠬᠢ ᠵᠢᠷᠤᠮ ᠲᠠᠢ᠂ ᠯᠠᠪᠳᠠᠭᠤᠨ ᠢᠶᠠᠷ ᠲᠦᠯᠬᠢᠨ ᠠᠬᠢᠭᠤᠯᠪᠠ᠃     ᠠᠷᠪᠠ᠂ ᠬᠡᠯᠡᠯᠴᠡᠭᠡᠷ ᠬᠢᠬᠦ ᠡᠮ ᠤᠨ ᠵᠦᠢᠯ ᠤᠨ ᠲᠥᠯᠥᠪᠦᠷᠢ ᠶᠢᠨ ᠪᠠᠷᠢᠮᠵᠢᠶ᠎ᠠ ᠶᠢ ᠬᠡᠷᠬᠢᠨ ᠬᠡᠷᠡᠭᠵᠢᠭᠦᠯᠬᠦ ᠪᠤᠢ      ᠬᠡᠯᠡᠯᠴᠡᠭᠡᠷ ᠬᠢᠬᠦ ᠡᠮ ᠤᠨ ᠵᠦᠢᠯ ᠤᠨ ᠳᠥᠯᠥᠬᠦ ᠪᠠᠷᠢᠮᠵᠢᠶ᠎ᠠ ᠪᠣᠯ ᠡᠮ ᠤᠨ ᠵᠦᠢᠯ ᠤᠨ ᠠᠵᠤ ᠠᠬᠤᠶᠢᠯᠠᠯ ᠬᠢᠭᠡᠳ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠬᠠᠮᠲᠤ ᠪᠠᠷ ᠪᠣᠯᠵᠣᠨ ᠲᠣᠭᠲᠠᠭᠰᠠᠨ ᠡᠮ ᠡᠮᠨᠡᠯᠭᠡ ᠶᠢᠨ ᠳᠠᠭᠠᠳᠬᠠᠯ ᠤᠨ ᠳᠥᠯᠥᠬᠦ ᠪᠠᠷᠢᠮᠵᠢᠶ᠎ᠠ ᠮᠥᠨ᠂ ᠰᠠᠭᠤᠷᠢ ᠮᠥᠩᠭᠦ ᠠᠴᠠ ᠳᠥᠯᠥᠬᠦ ᠪᠠ ᠡᠪᠡᠳᠴᠢᠲᠡᠨ ᠤ ᠬᠤᠪᠢ ᠬᠥᠮᠦᠨ ᠤ ᠳᠥᠯᠥᠬᠦ ᠵᠠᠷᠤᠳᠠᠯ ᠤᠨ ᠨᠡᠶᠢᠯᠡᠪᠦᠷᠢ ᠮᠥᠨ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠢᠨ ᠬᠡᠯᠡᠯᠴᠡᠭᠡ ᠳᠤ ᠲᠣᠭᠲᠠᠭᠠᠭᠰᠠᠨ ᠡᠮ ᠡᠮᠨᠡᠯᠭᠡ ᠶᠢᠨ ᠳᠠᠭᠠᠳᠬᠠᠯ ᠤᠨ ᠳᠥᠯᠥᠬᠦ ᠪᠠᠷᠢᠮᠵᠢᠶ᠎ᠠ ᠪᠠᠷ ᠰᠠᠭᠤᠷᠢ ᠪᠠᠷᠢᠮᠵᠢᠶ᠎ᠠ ᠪᠣᠯᠭᠠᠵᠤ ᠡᠮ ᠤᠨ ᠵᠦᠢᠯ ᠤᠨ ᠵᠠᠷᠤᠳᠠᠯ ᠢ ᠳᠥᠯᠥᠨ᠎ᠡ᠃ ᠡᠨᠡ ᠵᠢᠯ ᠲᠣᠭᠠᠴᠠᠭ᠎ᠠ ᠬᠢᠬᠦ ᠪᠠᠷᠢᠮᠵᠢᠶ᠎ᠠ ᠶᠢ ᠰᠢᠨ᠎ᠡ ᠪᠠᠷ ᠲᠣᠭᠲᠠᠭᠠᠭᠰᠠᠨ ᠡᠮ ᠤᠨ ᠵᠦᠢᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠰᠢᠨ᠎ᠡ ᠬᠡᠪᠯᠡᠯ ᠤᠨ ᠭᠠᠷᠴᠠᠭ ᠲᠠᠢ ᠠᠳᠠᠯᠢ ᠠᠯᠬᠤᠮ ᠢᠶᠠᠷ ᠬᠡᠷᠡᠭᠵᠢᠭᠦᠯᠵᠦ᠂ 2021 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ 2022 ᠣᠨ ᠤ 12  ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ ᠬᠡᠯᠡᠯᠴᠡᠭᠡᠷ ᠤᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠯᠡᠯᠴᠡᠭᠡᠷ ᠤᠨ ᠬᠦᠴᠦᠨ ᠲᠠᠢ ᠬᠤᠭᠤᠴᠠᠭᠠᠨ ᠳᠤ ᠡᠮ ᠤᠨ ᠵᠦᠢᠯ ᠤᠨ ᠠᠵᠤ ᠠᠬᠤᠶᠢᠯᠠᠯ ᠤᠨ ᠪᠥᠬᠦ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠠ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠬᠠᠩᠭᠠᠬᠤ ᠲᠣᠰ ᠡᠮ ᠤᠨ ᠵᠦᠢᠯ ᠤᠨ ᠦᠨ᠎ᠡ ᠶᠢ ᠡᠮ ᠡᠮᠨᠡᠯᠭᠡ ᠶᠢᠨ ᠳᠠᠭᠠᠳᠬᠠᠯ ᠤᠨ ᠳᠥᠯᠥᠬᠦ ᠪᠠᠷᠢᠮᠵᠢᠶ᠎ᠠ ᠠᠴᠠ ᠬᠦᠴᠦᠨ ᠲᠠᠢ ᠬᠤᠭᠤᠴᠠᠭᠠᠨ ᠳᠤ ᠬᠡᠷᠪᠡ ᠪᠤᠰᠤᠳ ᠦᠢᠯᠡᠳᠪᠦᠷᠢᠯᠡᠯ ᠤᠨ ᠠᠵᠤ ᠠᠬᠤᠶᠢᠯᠠᠯ ᠤᠨ ᠠᠳᠠᠯᠢ ᠨᠡᠶᠢᠳᠡᠮ ᠬᠡᠷᠡᠭᠯᠡᠬᠦ ᠨᠡᠷᠡᠶᠢᠳᠦᠯ ᠲᠠᠢ ᠡᠮ ᠤᠨ ᠵᠦᠢᠯ ︵ᠳᠠᠭᠤᠷᠢᠶᠠᠮᠠᠯ ᠡᠮ︶ ᠢ ᠵᠠᠬ᠎ᠠ ᠳᠡᠯᠭᠡᠭᠦᠷ ᠲᠤ ᠭᠠᠷᠭᠠᠪᠠᠯ᠂ ᠠᠶᠠᠨᠳᠠᠭᠠᠨ ᠭᠠᠷᠴᠠᠭ ᠤᠨ ᠬᠡᠪᠴᠢᠶᠡᠨ ᠳᠤ ᠬᠠᠷᠢᠶᠠᠯᠠᠭᠳᠠᠨ᠎ᠠ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠨᠢ ᠳᠠᠭᠤᠷᠢᠶᠠᠮᠠᠯ ᠡᠮ ᠤᠨ ᠦᠨ᠎ᠡ ᠬᠠᠩᠰᠢ ᠶᠢ ᠦᠨᠳᠦᠰᠦᠯᠡᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠡᠷᠬᠡ ᠲᠠᠢ᠂ ᠪᠠᠰᠠ ᠲᠣᠰ ᠨᠡᠶᠢᠳᠡᠮ ᠬᠡᠷᠡᠭᠯᠡᠬᠦ ᠨᠠᠷᠠᠲᠤ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠬᠡᠪᠴᠢᠶᠡᠨ ᠳᠤ ᠣᠷᠣᠭᠤᠯᠬᠤ ᠡᠷᠬᠡ ᠲᠠᠢ ᠃ ᠬᠦᠴᠦᠨ ᠲᠠᠢ ᠬᠤᠭᠤᠴᠠᠭᠠᠨ ᠳᠤ ᠬᠡᠷᠪᠡ ᠤᠯᠤᠰ ᠤᠨ ᠲᠥᠷᠥ ᠶᠢᠨ ᠪᠣᠳᠣᠯᠭ᠎ᠠ ᠶᠢᠨ ᠴᠢᠬᠤᠯᠠ ᠶᠡᠭᠡ ᠲᠣᠬᠢᠷᠠᠭᠤᠯᠤᠯᠲᠠ ᠪᠤᠶᠤ ᠵᠠᠬ᠎ᠠ ᠳᠡᠯᠭᠡᠭᠦᠷ ᠤᠨ ᠪᠣᠳᠠᠲᠠᠶ ᠦᠨ᠎ᠡ ᠬᠠᠩᠰᠢ ᠨᠢ ᠨᠢᠭᠡᠨᠲᠡ ᠪᠣᠯᠵᠣᠨ ᠲᠣᠭᠲᠠᠭᠰᠠᠨ ᠲᠣᠭᠠᠴᠠᠭ᠎ᠠ ᠬᠢᠬᠦ ᠪᠠᠷᠢᠮᠵᠢᠶ᠎ᠠ ᠠᠴᠠ ᠢᠯᠡᠷᠬᠡᠶ ᠳᠣᠤᠷ᠎ᠠ ᠪᠣᠯᠤᠭᠰᠠᠨ ᠪᠠᠶᠢᠪᠠᠯ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠯᠤᠭ᠎ᠠ ᠵᠥᠪᠳᠡᠯᠴᠡᠵᠦ ᠪᠠᠶᠢᠭᠠᠳ ᠲᠣᠭᠠᠴᠠᠭ᠎ᠠ ᠬᠢᠬᠦ ᠪᠠᠷᠢᠮᠵᠢᠶ᠎ᠠ ᠶᠢ ᠳᠠᠭᠢᠵᠤ ᠰᠢᠨ᠎ᠡ ᠪᠠᠷ ᠲᠣᠭᠲᠠᠭᠠᠵᠤ ᠪᠣᠯᠤᠨ᠎ᠠ᠃ ᠬᠦᠴᠦᠨ ᠲᠠᠢ ᠬᠤᠭᠤᠴᠠᠭ᠎ᠠ ᠠᠴᠠ ᠬᠡᠲᠦᠷᠡᠭᠰᠡᠨ ᠤ ᠳᠠᠷᠠᠭ᠎ᠠ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢᠨ ᠬᠠᠮᠢᠶ᠎ᠠ ᠪᠦᠬᠦᠢ ᠲᠤᠬᠢᠷᠠᠭᠤᠯᠤᠯᠳᠠ ᠶᠢᠨ ᠪᠠᠷᠢᠮᠵᠢᠶ᠎ᠠ ᠪᠠᠷ ᠲᠤᠭᠠᠴᠠᠭ᠎ᠠ ᠬᠢᠨ᠎ᠡ᠃     ᠠᠷᠪᠠᠨ ᠨᠢᠭᠡ᠂ ᠬᠡᠯᠡᠯᠴᠡᠭᠡᠷ ᠢ ᠪᠡᠶᠡᠯᠡᠭᠦᠯᠦᠭᠰᠡᠨ ᠤ ᠳᠠᠷᠠᠭᠠᠬᠢ ᠰᠢᠨ᠎ᠡ ᠬᠡᠪᠯᠡᠯ ᠤᠨ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠬᠡᠵᠢᠶ᠎ᠡ ᠠᠴᠠ ᠡᠬᠢᠯᠡᠵᠦ ᠬᠡᠷᠡᠭᠵᠢᠭᠦᠯᠬᠦ ᠪᠤᠢ︖ ᠬᠡᠷᠬᠢᠨ ᠬᠡᠷᠡᠭᠵᠢᠭᠦᠯᠬᠦ ᠪᠤᠢ︖      ᠬᠢᠵᠢᠭ ᠤᠨ ᠰᠢᠯᠲᠠᠭᠠᠨ ᠠᠴᠠ ᠪᠣᠯᠵᠤ᠂ ᠡᠨᠡ ᠵᠢᠯ ᠤᠨ ᠲᠣᠬᠢᠷᠠᠭᠤᠯᠤᠯᠲᠠ ᠬᠢᠬᠦ ᠠᠵᠢᠯ 12  ᠳ᠋ᠤᠭᠠᠷ ᠰᠠᠷ᠎ᠠ ᠳᠤ ᠰᠠᠶ᠋ᠢ ᠳᠠᠭᠤᠰᠴᠠᠶ᠃ ᠣᠷᠣᠨ ᠨᠤᠲᠤᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠪᠣᠯᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠳᠤ ᠰᠢᠰᠲ᠋ᠧᠮ ᠤᠨ ᠲᠣᠬᠢᠷᠠᠭᠤᠯᠤᠯᠲᠠ᠂ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ᠂ ᠠᠵᠢᠯᠲᠠᠨ ᠤ ᠪᠣᠯᠪᠠᠰᠤᠷᠠᠭᠤᠯᠤᠯ ᠵᠡᠷᠭᠡ ᠲᠠᠯ᠎ᠠ ᠶᠢᠨ ᠴᠠᠭ ᠢ ᠤᠷᠢᠳᠴᠢᠯᠠᠨ ᠦᠯᠡᠳᠡᠭᠡᠬᠦ ᠶᠢᠨ ᠲᠥᠯᠥᠭᠡ᠂ ᠪᠢᠳᠡ 2021 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠰᠢᠨ᠎ᠡ ᠭᠠᠷᠴᠠᠭ ᠢ ᠵᠢᠩᠬᠢᠨᠢ ᠪᠠᠷ ᠬᠡᠷᠡᠭᠵᠢᠭᠦᠯᠬᠦ ᠪᠠᠷ ᠲᠣᠭᠲᠠᠪᠠ᠃ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤ ᠪᠠᠷ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠵᠤ᠂ ᠵᠢᠯᠣᠭᠤᠳᠣᠯᠭ᠎ᠠ ᠪᠠᠨ ᠴᠢᠩᠭᠠᠳᠬᠠᠨ᠂ ᠡᠯ᠎ᠡ ᠭᠠᠵᠠᠷ ᠤᠨ ᠬᠢᠨ ᠤ ᠰᠢᠨ᠎ᠡ ᠭᠠᠷᠴᠠᠭ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠳᠥᠯᠭᠢᠨ ᠠᠬᠢᠭᠤᠯᠬᠤ ᠶᠢᠨ ᠬᠠᠮᠲᠤ ᠬᠢᠨᠠᠨ ᠰᠢᠯᠭᠠᠵᠤ ᠲᠣᠬᠢᠷᠠᠭᠤᠯᠬᠤ ᠪᠠᠨ ᠴᠢᠩᠭᠠᠳᠬᠠᠵᠤ᠂ ᠣᠷᠣᠬᠤ ᠶᠢ ᠵᠥᠪᠰᠢᠶᠡᠷᠡᠭᠰᠡᠨ ᠤ ᠳᠠᠷᠠᠭᠠᠬᠢ ᠬᠠᠮᠢᠶᠠᠷᠤᠯᠲᠠ ᠶᠢ ᠴᠢᠩᠭᠠᠳᠬᠠᠨ᠂ ᠰᠢᠨ᠎ᠡ ᠭᠠᠷᠴᠠᠭ ᠤᠨ ᠥᠷᠭᠡᠨ ᠣᠯᠠᠨ ᠲᠦᠮᠡᠨ ᠳᠤ ᠡᠷᠲᠡᠬᠡᠨ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠪᠣᠯᠤᠨ᠎ᠠ᠃      ᠠᠷᠪᠠᠨ ᠬᠤᠶᠠᠷ᠂ ᠰᠢᠨ᠎ᠡ ᠬᠡᠪᠯᠡᠯ ᠤᠨ ᠭᠠᠷᠴᠠᠭ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠤᠯᠤᠰ ᠤᠨ ᠲᠣᠪᠴᠢᠶ᠎ᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠭᠡᠵᠦ ᠪᠠᠶᠢᠭ᠎ᠠ ᠪᠣᠶ︖      ᠭᠠᠷᠴᠠᠭ ᠢ ᠨᠡᠶᠢᠲᠡᠯᠡᠭᠰᠡᠨ ᠤ ᠳᠠᠷᠠᠭ᠎ᠠ᠂ ᠪᠢᠳᠡ ᠡᠯ᠎ᠡ ᠭᠠᠵᠠᠷ ᠤᠨ ᠬᠢᠨ ᠢ ᠵᠢᠯᠣᠭᠤᠳᠤᠨ ᠮᠡᠳᠡᠭᠡ ᠵᠠᠩᠭᠢ ᠶᠢᠨ ᠰᠢᠰᠲ᠋ᠧᠮ ᠤᠨ ᠥᠭᠡᠷᠡᠴᠢᠯᠡᠯᠲᠡ ᠶᠢ ᠴᠢᠩᠭᠠᠳᠬᠠᠵᠤ᠂ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠳᠣᠭᠢᠷᠠᠭᠤᠯᠤᠨ ᠨᠠᠷᠢᠯᠢᠬᠵᠢᠭᠤᠯᠵᠤ᠂ ᠲᠥᠷᠥ ᠶᠢᠨ ᠪᠣᠳᠣᠯᠭ᠎ᠠ ᠶᠢ ᠰᠠᠶᠢᠲᠤᠷ ᠵᠣᠯᠭᠠᠭᠤᠯᠬᠤ ᠪᠣᠯᠤᠨ᠎ᠠ᠃ ᠨᠢᠭᠡ ᠳᠤ᠂ ᠬᠡᠯᠡᠯᠴᠡᠭᠡᠷ ᠬᠢᠬᠦ ᠡᠮ ᠤᠨ ᠵᠦᠢᠯ ᠢ ᠰᠢᠭᠤᠳ ᠰᠦᠯᠵᠢᠶᠡᠨ ᠳᠤ ᠣᠷᠣᠭᠤᠯᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠡᠯᠡᠯᠴᠡᠭᠡᠷ ᠬᠢᠬᠦ ᠡᠮ ᠤᠨ ᠵᠦᠢᠯ ᠢ ᠲᠣᠭᠲᠠᠭᠰᠠᠨ ᠬᠤᠭᠤᠴᠠᠭᠠᠨ ᠳᠤ ᠬᠡᠯᠡᠯᠴᠡᠭᠡᠷ ᠶᠣᠰᠣᠭᠠᠷ ᠲᠣᠭᠠᠴᠠᠭ᠎ᠠ ᠬᠢᠬᠦ ᠪᠠᠷᠢᠮᠵᠢᠶ᠎ᠠ ᠳᠤ ᠳᠤᠬᠢᠷᠠᠭᠤᠯᠤᠯᠳᠠ ᠬᠢᠬᠦ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠤᠯᠪᠣᠭᠠᠯᠠᠨ ᠬᠥᠳᠡᠯᠦᠯᠴᠡᠬᠦ ᠶᠢ ᠵᠢᠭᠠᠨ ᠵᠢᠯᠣᠭᠤᠳᠴᠤ᠂ ᠲᠣᠰ ᠪᠠᠶᠢᠭᠤᠯᠤᠮᠵᠢ ᠶᠢᠨ ᠳᠣᠭᠢᠷᠠᠭᠤᠯᠤᠭᠰᠠᠨ᠂ ᠬᠡᠷᠡᠭᠯᠡᠭᠰᠡᠨ ᠡᠮ ᠤᠨ ᠵᠦᠢᠯ ᠢ ᠴᠠᠭ ᠲᠤᠬᠠᠶ ᠳᠤᠨᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠡᠮᠴᠢᠯᠡᠭᠡᠨ ᠳᠤ ᠬᠡᠷᠡᠭᠯᠡᠬᠦ ᠡᠮ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠷᠪᠠ ᠳᠤ᠂ ᠡᠯ᠎ᠡ ᠭᠠᠵᠠᠷ ᠤᠨ ᠬᠢᠨ ᠢ ᠵᠢᠯᠣᠭᠤᠳᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠡᠮ ᠡᠮᠨᠡᠯᠭᠡ ᠶᠢᠨ ᠳᠠᠭᠠᠳᠬᠠᠯ ᠤᠨ ᠴᠡᠭ ᠲᠣᠭᠲᠠᠭᠠᠭᠰᠠᠨ ᠡᠮ ᠤᠨ ᠳᠡᠯᠭᠡᠭᠦᠷ ᠤᠨ ᠨᠡᠪᠲᠡᠷᠡᠬᠦ ᠵᠠᠮ ᠢ ᠨᠡᠭᠡᠭᠡᠬᠦ᠂ ᠶᠡᠷᠦᠩᠬᠡᠶ ᠲᠤᠭ᠎ᠠ ᠶᠢ ᠬᠢᠵᠠᠭᠠᠷᠯᠠᠬᠤ ᠵᠡᠷᠭᠡ ᠠᠷᠭ᠎ᠠ ᠮᠠᠶ᠋ᠢᠭ ᠢ ᠵᠣᠬᠢᠰᠲᠠᠶ ᠲᠣᠬᠢᠷᠠᠭᠤᠯᠬᠤ ᠪᠠᠷ ᠳᠠᠮᠵᠢᠭᠤᠯᠤᠨ᠂ ᠰᠢᠨ᠎ᠡ ᠭᠠᠷᠴᠠᠭ ᠤᠨ ᠳᠣᠲᠣᠷᠠᠬᠢ ᠡᠮ ᠤᠨ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠲᠦᠷᠪᠡ ᠳᠤ᠂ ᠬᠢᠨᠠᠨ ᠬᠡᠮᠵᠢᠬᠦ ᠪᠠ ᠲᠣᠬᠢᠷᠠᠭᠤᠯᠬᠤ ᠠᠵᠢᠯ ᠢ ᠴᠢᠩᠭᠠᠳᠬᠠᠨ᠎ᠠ᠃ ᠲᠣᠭᠲᠠᠴᠠ ᠶᠢ ᠪᠦᠷᠢᠨᠰᠢᠬᠦᠯᠵᠦ᠂ ᠭᠠᠷᠴᠠᠭ ᠤᠨ ᠳᠣᠲᠣᠷᠠᠬᠢ ᠡᠮ ᠤᠨ ᠵᠦᠢᠯ ᠢᠯᠠᠩᠭᠤᠶ᠎ᠠ ᠬᠡᠯᠡᠯᠴᠡᠭᠡᠷ ᠬᠢᠭᠰᠡᠨ ᠡᠮ ᠤᠨ ᠵᠦᠢᠯ ᠤᠨ ᠬᠡᠷᠡᠭᠯᠡᠯᠲᠡ᠂ ᠲᠣᠭᠠᠴᠠᠭ᠎ᠠ ᠬᠢᠭᠰᠡᠨ ᠪᠠᠶᠢᠳᠠᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠪᠣᠳᠠᠲᠠᠶᠢᠵᠢᠭᠤᠯᠬᠤ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠎ᠡ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号