ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ ᠮᠠᠨ ᠤ ᠣᠷᠣᠨ ᠳᠤ ᠡᠮ ᠡᠮᠨᠡᠯᠭᠡ ᠶᠢᠨ ᠳᠠᠭᠠᠳᠬᠠᠯ ᠤᠨ ᠣᠶᠤᠨᠴᠢ ᠬᠢᠨᠠᠨ ᠡᠵᠡᠮᠳᠡᠬᠦ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2021/6/18
      6 ᠳ᠋ᠤᠭᠠᠷ ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠳ᠋ᠤᠸᠠᠨ ᠵᠧᠩ ᠮᠢᠩ ᠳᠡᠳ᠋ ᠳᠠᠷᠤᠭ᠎ᠠ᠂ ᠶᠤᠸᠠᠨ  ᠾᠦᠢ ᠭᠠᠵᠠᠷ ᠤᠨ ᠳᠠᠷᠤᠭ᠎ᠠ ᠵᠡᠷᠭᠡ ᠳᠥᠷᠪᠡᠨ ᠬᠥᠮᠦᠨ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠵᠢᠴᠢ ᠲᠠᠪᠤᠨ ᠮᠤᠵᠢ ᠶᠢᠨ ᠵᠢᠷᠭᠤᠭᠠᠨ ᠵᠢᠱᠢᠶ᠎ᠡ ᠦᠵᠡᠭᠦᠯᠬᠦ ᠴᠡᠭ ᠤᠨ ᠭᠠᠵᠠᠷ ᠣᠷᠣᠨ ᠤ ᠲᠥᠯᠥᠭᠡᠯᠡᠭᠴᠢᠳ ᠢ ᠳᠠᠭᠠᠭᠤᠯᠤᠨ᠂ ᠮᠠᠨ ᠤ ᠣᠷᠣᠨ ᠤ ᠤᠯᠠᠭᠠᠨᠴᠠᠪ ᠬᠤᠲᠠ ᠳᠤ ᠭᠦᠨᠵᠡᠭᠡᠶᠢᠷᠡᠨ ᠡᠮ ᠡᠮᠨᠡᠯᠭᠡ ᠶᠢᠨ ᠳᠠᠭᠠᠳᠬᠠᠯ ᠤᠨ ᠣᠶᠤᠨᠴᠢ ᠬᠢᠨᠠᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶ᠎ᠠ ᠶᠢᠨ ᠳᠠᠷᠤᠭ᠎ᠠ ᠶᠢᠨ ᠮᠠᠨ ᠢ᠂ ᠲᠦᠯᠦᠪᠯᠡᠯᠭᠡᠳᠦ ᠡᠳ᠋ ᠤᠨ ᠶᠠᠪᠤᠳᠠᠯ ᠬᠢᠭᠡᠳ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠯᠢ ᠾᠦᠢ ᠶᠤᠸᠠᠨ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠤᠸᠠᠢ ᠶᠠᠨ ᠮᠧᠶ᠂ ᠳᠡᠳ᠋ ᠨᠠᠷᠢᠨ ᠪᠢᠴᠢᠭ ᠤᠨ ᠳᠠᠷᠤᠭ᠎ᠠ ᠡᠤ ᠵᠥᠩ ᠽᠧ ᠵᠢᠴᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠪᠠᠭ ᠤᠨ ᠪᠦᠷᠢᠯᠳᠦᠬᠦᠨ ᠨᠡᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
  ᠶᠠᠷᠢᠯᠴᠠᠬᠤ ᠬᠤᠷᠠᠯ ᠲᠡᠭᠡᠷ᠎ᠡ      ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠤᠯᠠᠭᠠᠨᠴᠠᠪ ᠬᠤᠲᠠ ᠳᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠳᠡᠭᠡᠷ᠎ᠡ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠶᠢᠨ ᠮᠠᠨ ᠢ ᠪᠦᠬᠦ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠪᠠᠶᠢᠭᠤᠯᠤᠯᠲᠠ ᠶᠢᠨ ᠦᠨᠳᠦᠷᠴᠡ ᠠᠴᠠ ᠬᠠᠷᠢᠭᠤ ᠮᠡᠳᠡᠭᠦᠯᠦᠯᠲᠡ ᠬᠢᠵᠦ᠂ ᠤᠯᠠᠭᠠᠨᠴᠠᠪ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶ᠎ᠠ ᠶᠢᠨ ᠳᠠᠷᠤᠭ᠎ᠠ ᠸᠠᠩ ᠾᠦᠢ ᠢᠦᠶ ᠡᠮ ᠡᠮᠨᠡᠯᠭᠡ ᠶᠢᠨ ᠳᠠᠭᠠᠳᠬᠠᠯ ᠤᠨ ᠳᠠᠷᠠᠭᠠᠬᠢ ᠣᠶᠤᠨᠴᠢ ᠬᠢᠨᠠᠨ ᠡᠵᠡᠮᠳᠡᠬᠦ ᠠᠵᠢᠯ ‍ᠤᠨ‌‍ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠬᠡᠷᠡᠭ ᠤᠨ ᠡᠮᠦᠨᠡᠬᠢ ᠪᠠ ᠬᠡᠷᠡᠭ ᠤᠨ ᠳᠤᠮᠳᠠᠬᠢ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠤᠨ ᠵᠦᠢᠯ ᠤᠨ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠵᠡᠷᠭᠡ ᠲᠠᠯ᠎ᠠ ᠪᠠᠷ ᠲᠣᠰ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠣᠶᠤᠨᠴᠢ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠵᠢᠴᠢ ᠬᠡᠷᠡᠭᠯᠡᠯᠲᠡ ᠶᠢᠨ ᠪᠠᠶᠢᠳᠠᠯ ᠢ ᠲᠠᠨᠢᠯᠴᠠᠭᠤᠯᠪᠠ᠃
     ᠡᠮᠨᠡᠯᠭᠡ ᠳᠤ ᠬᠦᠷᠴᠦ ᠣᠶᠤᠨᠴᠢ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠵᠦ ᠪᠠᠶᠢᠭ᠎ᠠ ᠨᠢ
    ᠢᠨᠵᠧᠨᠧᠷᠢᠭᠴᠢ ᠠᠴᠠ ᠣᠶᠤᠨᠴᠢ ᠬᠢᠨᠠᠨ ᠡᠵᠡᠮᠳᠡᠬᠦ ᠰᠢᠰᠲ᠋ᠧᠮ ᠤᠨ ᠠᠵᠢᠯᠯᠠᠭᠠᠨ ᠤ ᠪᠠᠶᠢᠳᠠᠯ ᠳᠤ ᠲᠤᠬᠠᠶ ᠶᠢᠨ ᠲᠠᠯᠠᠪᠠᠢ ᠶᠢᠨ ᠦᠵᠡᠭᠦᠯᠦᠯᠭᠡ ᠬᠢᠵᠦ ᠪᠠᠶᠢᠭ᠎ᠠ ᠨᠢ
     ᠣᠶᠤᠨᠴᠢ ᠬᠢᠨᠠᠨ ᠡᠵᠡᠮᠳᠡᠬᠦ ᠰᠢᠰᠲ᠋ᠧᠮ ᠤᠨ ᠬᠡᠷᠡᠭᠯᠡᠯᠳᠡ ᠶᠢᠨ ᠤ ᠪᠠᠶᠢᠳᠠᠯ ᠢ ᠡᠮᠴᠢ ᠶᠢᠨ ᠠᠯᠪᠠᠨ ᠬᠡᠷ ᠲᠤ ᠪᠠᠶᠢᠴᠠᠭᠠᠨ  ᠰᠤᠳᠤᠯᠵᠦ ᠪᠠᠶᠢᠭ᠎ᠠ ᠨᠢ      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠯᠠᠭᠠᠨᠴᠠᠪ ᠬᠤᠳᠠ ᠶᠢᠨ ᠲᠥᠪ ᠡᠮᠨᠡᠯᠭᠡ ᠶᠢᠨ ᠬᠤᠷᠢᠶᠠᠨ ᠤ ᠤᠶᠤᠨᠲᠤ ᠬᠢᠨᠠᠨ ᠡᠵᠡᠮᠳᠡᠬᠦ ᠲᠠᠪᠴᠠᠩ ᠤᠨ ᠪᠦᠳᠦᠭᠡᠨ ᠪᠠᠶᠢᠭᠤᠯᠤᠯᠲᠠ ᠶᠢᠨ ᠬᠡᠷᠡᠭᠯᠡᠯᠲᠡ ᠶᠢᠨ ᠪᠠᠶᠢᠳᠠᠯ ᠪᠣᠯᠤᠨ ᠨᠢᠭᠡᠨ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠤᠨ ᠵᠦᠢᠯᠡᠰ ᠤᠨ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾  ᠰᠢᠰᠲ᠋ᠧᠮ ᠤᠨ ᠬᠡᠷᠡᠭᠯᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠢᠨᠵᠧᠨᠧᠷᠢᠭᠴᠢ ᠤᠨ ᠲᠠᠶᠢᠯᠤᠮᠵᠢ ᠪᠣᠯᠤᠨ ᠦᠵᠡᠭᠦᠯᠦᠯᠭᠡ ᠶᠢ ᠰᠣᠨᠢᠷᠬᠠᠯᠲᠠᠢ ᠪᠠᠷ ᠰᠣᠨᠣᠰᠤᠭᠰᠠᠨ ᠪᠥᠭᠡᠳ ᠲᠤᠬᠠᠢ ᠶᠢᠨ ᠲᠠᠯᠠᠪᠠᠢ ᠳᠤ ᠶᠠᠷᠢᠯᠴᠠᠨ ᠵᠠᠳᠠᠯᠤᠯᠲᠠ ᠬᠢᠵᠡᠢ᠃
    ᠡᠮ ᠤᠨ ᠳᠡᠯᠭᠡᠭᠦᠷ ᠤᠨ ᠡᠮ ᠤᠨ ᠵᠦᠢᠯ ᠤᠨ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾ ᠰᠢᠰᠲ᠋ᠧᠮ ᠤᠨ ᠬᠡᠷᠡᠭᠯᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠪᠠᠶᠢᠭ᠎ᠠ ᠨᠢ      ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠤᠯᠠᠭᠠᠨᠴᠠᠪ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠡᠮ ᠡᠮᠨᠡᠯᠭᠡ ᠶᠢᠨ ᠳᠠᠭᠠᠳᠬᠠᠯ ᠤᠨ ᠣᠶᠤᠨᠴᠢ ᠬᠢᠨᠠᠨ ᠡᠵᠡᠮᠳᠡᠬᠦ ᠲᠠᠰᠤᠭ ᠲᠤ ᠭᠦᠨᠵᠡᠭᠡᠶᠢᠷᠡᠵᠦ᠂ ᠲᠤᠬᠠᠶ ᠶᠢᠨ ᠲᠠᠯᠠᠪᠤᠷ ᠲᠤ ᠡᠮ ᠡᠮᠨᠡᠯᠭᠡ ᠶᠢᠨ ᠳᠠᠭᠠᠳᠬᠠᠯ ᠤᠨ ᠳᠠᠷᠠᠭᠠᠬᠢ ᠬᠢᠨᠠᠨ ᠡᠵᠡᠮᠳᠡᠬᠦ ᠰᠢᠰᠲ᠋ᠧᠮ ᠤᠨ ᠬᠡᠷᠡᠭᠯᠡᠯᠲᠡ ᠶᠢᠨ ᠪᠠᠶᠢᠳᠠᠯ ᠢ ᠲᠣᠭᠤᠷᠢᠨ ᠦᠵᠡᠪᠡ᠃ ᠪᠠᠶᠢᠴᠠᠭᠠᠨ ᠰᠤᠳᠤᠯᠤᠯᠲᠠ ᠶᠢᠨ ᠳᠤᠮᠳᠠ ᠳ᠋ᠤᠸᠠᠨ ᠵᠧᠩ ᠮᠢᠩ᠂ ᠤᠯᠠᠭᠠᠨᠴᠠᠪ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠣᠶᠤᠨᠴᠢ ᠬᠢᠨᠠᠨ ᠡᠵᠡᠮᠳᠡᠬᠦ ᠪᠠᠶᠢᠭᠤᠯᠤᠯᠲᠠ ᠶᠢᠨ ︽ᠬᠤᠶᠠᠷ ᠬᠦᠷᠳᠦ ᠪᠠᠷ ᠬᠥᠳᠡᠯᠭᠡᠭᠦᠷ ᠪᠣᠯᠭᠠᠵᠤ᠂ ᠬᠠᠮᠲᠤ ᠪᠠᠷ ᠳᠥᠯᠭᠢᠨ ᠠᠬᠢᠭᠤᠯᠬᠤ︾ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠨᠢ ᠲᠣᠰ ᠬᠤᠲᠠ ᠶᠢᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠳᠤ ᠨᠡᠶᠢᠴᠡᠵᠦ ᠪᠠᠶᠢᠨ᠎ᠠ᠂ ᠢᠯᠠᠩᠭᠤᠶ᠎ᠠ ᠬᠡᠷᠡᠭ ᠤᠨ ᠳᠠᠷᠠᠭᠠᠬᠢ ᠬᠢᠨᠠᠨ ᠡᠵᠡᠮᠳᠡᠬᠦ ᠰᠢᠰᠲ᠋ᠧᠮ ᠤᠨ ᠲᠤᠭ᠎ᠠ ᠪᠠᠷᠢᠮᠲᠠ ᠨᠢ ᠡᠯᠪᠡᠭ ᠪᠠᠶᠠᠯᠢᠭ᠂ ᠬᠡᠰᠡᠭ ᠨᠢ ᠵᠦᠶ ᠵᠣᠬᠢᠰᠲᠠᠶ᠂ ᠣᠯᠠᠨ ᠲᠠᠯ᠎ᠠ ᠠᠴᠠ ᠳᠡᠯᠭᠡᠨ ᠦᠵᠡᠭᠦᠯᠵᠦ᠂ ᠰᠢᠭᠤᠳ ᠲᠣᠳᠣᠷᠠᠭᠤᠯᠤᠭᠰᠠᠨ ᠪᠠᠶᠢᠨ᠎ᠠ᠃ ᠤᠯᠠᠨ ᠢᠶᠠᠷ ᠢᠶᠠᠨ ᠬᠤᠶᠢᠰᠢᠳᠠ ᠶᠢᠨ ᠠᠵᠢᠯ ᠤᠨ ᠳᠤᠮᠳᠠ ᠪᠠᠨ ᠲᠠᠪᠴᠠᠩ ᠤᠨ ᠬᠡᠷᠡᠭᠯᠡᠭᠡᠨ ᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠡᠮ ᠡᠮᠨᠡᠯᠭᠡ ᠶᠢᠨ ᠪᠠᠶᠢᠭᠤᠯᠤᠮᠵᠢ ᠳᠤ ᠬᠠᠮᠢᠶ᠎ᠠ ᠪᠦᠬᠦᠢ ᠵᠠᠳᠠᠯᠤᠯᠲᠠ ᠶᠢᠨ ᠮᠡᠳᠡᠭᠦᠯᠦᠯᠲᠡ ᠶᠢ ᠬᠦᠷᠭᠡᠵᠦ᠂ ᠬᠤᠶᠠᠷ ᠢ ᠲᠣᠭᠲᠠᠭᠠᠭᠰᠠᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠨᠠᠭᠰᠢᠳᠠ ᠵᠢᠷᠤᠮᠵᠢᠭᠤᠯᠤᠨ ᠲᠡᠭᠦᠯᠳᠡᠷᠵᠢᠭᠦᠯᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ ᠪᠠᠰᠠ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠣᠶᠤᠨᠴᠢ ᠬᠢᠨᠠᠨ ᠡᠵᠡᠮᠳᠡᠬᠦ ᠰᠢᠰᠲ᠋ᠧᠮ ᠤᠨ ᠶᠡᠷᠦᠩᠬᠡᠶ ᠪᠦᠲᠦᠴᠡ ᠲᠠᠢ ᠪᠦᠲᠦᠮᠵᠢᠲᠡᠶ ᠵᠣᠯᠭᠠᠯᠳᠤᠭᠤᠯᠬᠤ ᠠᠵᠢᠯ ᠢ ᠰᠠᠶᠢᠲᠤᠷ ᠬᠢᠵᠦ᠂ ᠳᠠᠪᠬᠤᠷᠳᠠᠭᠤᠯᠤᠨ ᠪᠥᠲᠥᠭᠡᠨ ᠪᠠᠶᠢᠭᠤᠯᠬᠤ ᠠᠴᠠ ᠵᠠᠶᠢᠯᠠᠰᠬᠢᠬᠦ ᠬᠡᠷᠡᠭᠲᠡᠶ ᠭᠡᠪᠡ᠃
     ᠡᠮ ᠡᠮᠨᠡᠯᠭᠡ ᠶᠢᠨ ᠳᠠᠭᠠᠳᠬᠠᠯ ᠤᠨ ᠳᠠᠷᠠᠭᠠᠬᠢ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠵᠦ ᠪᠠᠶᠢᠭ᠎ᠠ ᠨᠢ
    ᠲᠤᠬᠠᠶᠢᠯᠠᠭᠰᠠᠨ ᠠᠵᠢᠯ ᠤᠨ ᠲᠢᠩᠬᠢᠮ ᠳᠤ ᠪᠠᠶᠢᠴᠠᠭᠠᠨ ᠰᠤᠳᠤᠯᠵᠦ ᠰᠤᠷᠪᠤᠯᠵᠢᠯᠭ᠎ᠠ ᠬᠢᠵᠦ ᠪᠠᠶᠢᠭ᠎ᠠ ᠨᠢ
     ᠪᠠ ᠸᠠᠩ ᠾᠧ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠲᠤ      ᠪᠠᠶᠢᠴᠠᠭᠠᠨ ᠰᠤᠳᠤᠯᠬᠤ ᠠᠵᠢᠯ ᠤᠨ ᠳᠤᠮᠳᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠬᠤᠯᠪᠣᠭᠳᠠᠯ ᠪᠥᠬᠦᠶ ᠮᠤᠵᠢ ᠬᠤᠲᠠ ᠶᠢᠨ ᠵᠢᠱᠢᠶ᠎ᠡ ᠦᠵᠡᠭᠦᠯᠬᠦ ᠴᠡᠭ ᠤᠨ ᠭᠠᠵᠠᠷ ᠣᠷᠣᠨ ᠤ ᠬᠠᠷᠢᠭᠤ ᠮᠡᠳᠡᠭᠦᠯᠦᠯᠲᠡ ᠶᠢ ᠰᠣᠨᠣᠰᠴᠠᠶ᠃ ᠳ᠋ᠦᠩᠨᠡᠯᠲᠡ ᠶᠢᠨ ᠴᠠᠭ ᠬᠤᠭᠤᠴᠠᠭᠠᠨ ᠳᠤ ᠵᠠᠰᠠᠭ ᠤᠨ ᠣᠷᠳᠣᠨ ᠳᠤ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠤ ᠬᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠡᠷᠡᠭᠯᠡᠭᠡ ᠶᠢ ᠲᠦᠷᠭᠡᠳᠬᠡᠵᠦ᠂ ᠪᠣᠯᠪᠠᠰᠤᠷᠠᠭᠤᠯᠤᠯ ᠢ ᠲᠦᠷᠭᠡᠳᠬᠡᠵᠦ᠂ ᠭᠠᠷᠲᠠᠨ ᠭᠦᠢᠴᠡᠳᠭᠡᠬᠦ ᠪᠠ ᠵᠠᠰᠠᠭ ᠵᠠᠬᠢᠷᠭᠠᠨ ᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠴᠤ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠶ᠂ ᠡᠭᠦᠨ ᠠᠴᠠ ᠭᠠᠳᠠᠨ᠎ᠠ ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠭᠦᠯᠵᠦ᠂ ᠠᠬᠤᠶ ᠪᠠᠶᠢᠳᠠᠯ ᠢ ᠬᠠᠷᠢᠯᠴᠠᠨ ᠬᠤᠯᠪᠣᠭᠠᠯᠠᠵᠤ᠂ ᠪᠥᠬᠦ ᠤᠯᠤᠰ ᠲᠤ ᠬᠠᠭᠤᠯᠪᠤᠷᠢᠯᠠᠵᠤ ᠪᠣᠯᠬᠤ᠂ ᠯᠠᠪᠯᠠᠯᠲᠠ ᠪᠣᠯᠭᠠᠵᠤ ᠪᠣᠯᠬᠤ᠂ ᠳᠡᠯᠭᠡᠷᠡᠭᠦᠯᠵᠦ ᠪᠣᠯᠬᠤ ᠵᠢᠱᠢᠶ᠎ᠡ ᠦᠵᠡᠭᠦᠯᠬᠦ ᠴᠡᠭ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠴᠢᠷᠮᠠᠶᠢᠨ ᠬᠠᠩᠭᠠᠬᠤ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号