ᠡᠷᠢᠶᠡᠨ ᠬᠤᠲᠠ ᠶᠢᠨ ᠡᠮ ᠤᠨ ᠵᠦᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠢᠯᠡ ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠬᠢᠨᠠᠨ ᠬᠠᠷᠭᠤᠭᠤᠯᠤᠭᠰᠠᠨ ᠦᠷ᠎ᠡ ᠳ᠋ᠦᠩ  ᠤᠨ ᠲᠤᠬᠠᠶ ᠨᠡᠶᠢᠳᠡᠯᠡᠯ
ᠨᠡᠶᠢᠲᠡᠯᠡᠭᠰᠡᠨ ᠴᠠᠭ᠄
2021/6/21
      ᠡᠷᠢᠶᠡᠨ ᠬᠤᠲᠠ ᠶᠢᠨ ᠡᠮ ᠤᠨ ᠵᠦᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠢᠯᠡ ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠬᠢᠨᠠᠨ ᠬᠠᠷᠭᠤᠭᠤᠯᠤᠭᠰᠠᠨ ᠦᠷ᠎ᠡ ᠳ᠋ᠦᠩ  ᠤᠨ ᠲᠤᠬᠠᠶ ᠨᠡᠶᠢᠳᠡᠯᠡᠯ ᠡᠯ᠎ᠡ ᠡᠮ ᠤᠨ ᠵᠦᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠨᠡᠷ᠎ᠡ ᠮᠡᠳᠡᠭᠦᠯᠬᠦ ᠠᠵᠤ ᠠᠬᠤᠶᠢᠯᠠᠯ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠳᠠᠭᠠᠳᠬᠠᠯ ᠠᠯᠪᠠᠨ ᠲᠠᠷᠬᠠᠭᠠᠭᠰᠠᠨ  ﹇2019﹈  41  ᠳ᠋ᠤᠭᠡᠷ ᠲᠣᠭᠠᠲᠤ︶ ᠪᠠ ︽ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯ ᠢ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠠᠯᠪᠠᠨ ᠥᠰᠥᠭ ﹇2017﹈  8 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠷᠢᠶᠡᠨ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ 2021 ᠣᠨ ᠤ 4 ᠳ᠋ᠤᠭᠡᠷ ᠰᠠᠷ᠎ᠠ ᠶᠢᠨ 25 ᠤ ᠡᠳᠦᠷ ᠠᠴᠠ 30 ᠤ ᠡᠳᠦᠷ ᠪᠣᠯᠲᠠᠯ᠎ᠠ ᠡᠷᠢᠶᠡᠨ ᠬᠤᠲᠠ ᠶᠢᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠠᠵᠢᠯ ᠢ ᠥᠷᠨᠢᠭᠦᠯᠪᠡ᠃ ᠮᠠᠨ ᠤ ᠲᠣᠪᠴᠢᠶ᠎ᠠ ᠨᠡᠷ᠎ᠡ ᠮᠡᠳᠡᠭᠦᠯᠦᠭᠰᠡᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠮᠡᠳᠡᠭᠦᠯᠦᠯᠲᠡ ᠶᠢᠨ ᠮᠠᠲ᠋ᠧᠷᠢᠶᠠᠯ ᠳᠤ ᠲᠤᠬᠠᠶ ᠶᠢᠨ ᠲᠠᠯᠠᠪᠤᠷ ᠤᠨ ᠬᠢᠨᠠᠨ ᠬᠠᠷᠭᠤᠭᠤᠯᠤᠯᠲᠠ ᠪᠠ ᠶᠡᠷᠦᠩᠬᠡᠶᠢᠯᠡᠭᠰᠡᠨ ᠳᠠᠬᠢᠨ ᠬᠢᠨᠠᠯᠲᠠ ᠬᠢᠪᠠ᠃ ᠡᠳᠦᠭᠡ ᠬᠢᠨᠠᠨ ᠲᠣᠭᠲᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠢᠯᠡ ᠨᠡᠶᠢᠲᠡᠯᠡᠬᠦ ᠨᠡᠷᠡᠰ᠄ ᠡᠷᠢᠶᠡᠨ ᠬᠤᠲᠠ ᠶᠢᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠢᠯᠡ ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠢᠨᠠᠨ ᠬᠠᠷᠭᠤᠭᠤᠯᠵᠤ ᠪᠠᠲᠤᠯᠠᠭᠰᠠᠨ ᠨᠡᠷᠡᠰ ︵ᠳᠠᠭᠠᠯᠳᠤᠭᠤᠯᠤᠯ ᠳᠤ ᠦᠵᠡ︶᠃      ᠬᠤᠶᠠᠷ᠂ ᠢᠯᠡ ᠨᠡᠶᠢᠲᠡᠯᠡᠬᠦ ᠴᠠᠭ᠄ 2020 ᠣᠨ ᠤ 6 ᠳ᠋ᠤᠭᠠᠷ ᠰᠠᠷ᠎ᠠ ᠶᠢᠨ 10 ᠤ ᠡᠳᠦᠷ ᠠᠴᠠ 2020 ᠣᠨ ᠤ 6 ᠳ᠋ᠤᠭᠠᠷ ᠰᠠᠷ᠎ᠠ ᠶᠢᠨ 18 ᠤ ᠡᠳᠦᠷ ᠪᠣᠯᠲᠠᠯ᠎ᠠ᠃       ᠭᠤᠷᠪᠠ᠂ ᠵᠠᠷᠯᠠᠨ ᠨᠡᠶᠢᠲᠡᠯᠡᠬᠦ ᠱᠠᠭᠠᠷᠳᠠᠯᠭ᠎ᠠ᠄      ︵ᠨᠢᠭᠡ︶ ᠠᠵᠤ ᠠᠬᠤᠶᠢᠯᠠᠯ ᠬᠡᠷᠪᠡ ᠵᠠᠷᠯᠠᠨ ᠨᠡᠶᠢᠲᠡᠯᠡᠭᠰᠡᠨ ᠠᠭᠤᠯᠭ᠎ᠠ ᠳᠠᠬᠢ ᠦᠷ᠎ᠡ ᠳ᠋ᠦᠩ ᠳᠤ ᠣᠨᠳᠣᠤ ᠰᠠᠨᠠᠯ ᠲᠠᠢ ᠪᠠᠶᠢᠪᠠᠯ᠂ ︽ᠬᠡᠨ ᠵᠣᠷᠢᠪᠠᠯ ᠬᠡᠨ ᠭᠡᠷᠡᠴᠢ ᠳᠤᠷᠠᠳᠬᠤ︾ ᠵᠠᠷᠴᠢᠮ ᠤᠨ ᠶᠣᠰᠣᠭᠠᠷ᠂ ᠡᠷᠬᠡᠪᠰᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠦᠨᠡᠨ ᠪᠣᠳᠠᠲᠠᠶ ᠬᠦᠴᠦᠨ ᠲᠠᠢ᠂ ᠪᠦᠷᠢᠨ ᠪᠦᠲᠦᠨ ᠭᠡᠷᠡᠴᠢ ᠪᠠᠷᠢᠮᠲᠠ ᠪᠠ ᠭᠡᠷᠡᠴᠢᠯᠡᠬᠦ ᠮᠠᠲ᠋ᠧᠷᠢᠶᠠᠯ ᠢ ᠬᠠᠩᠭᠠᠵᠤ᠂ ᠴᠠᠭᠠᠰᠤᠨ ᠮᠠᠲ᠋ᠧᠷᠢᠶᠠᠯ ᠵᠢᠴᠢ ᠬᠠᠮᠢᠶ᠎ᠠ ᠪᠥᠬᠦᠶ ᠭᠡᠷᠡᠴᠢ ᠶᠢ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ᠂ ᠡᠷᠬᠡ ᠣᠯᠤᠭᠰᠠᠨ ᠬᠥᠮᠦᠨ ᠠᠴᠠ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠲᠤᠰᠢᠶᠠᠬᠤ ᠬᠡᠷᠡᠭᠲᠡᠶ᠃ ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃      ︵ᠬᠤᠶᠠᠷ︶ ᠭᠥᠯᠢᠶᠡᠨ ᠠᠪᠴᠤ ᠰᠢᠢᠳᠪᠦᠷᠢᠯᠡᠬᠦ ᠴᠠᠭ᠄ ᠵᠠᠷᠯᠠᠨ ᠨᠡᠶᠢᠲᠡᠯᠡᠬᠦ ᠬᠤᠭᠤᠴᠠᠭᠠᠨ ᠳᠠᠬᠢ ᠠᠵᠢᠯ ᠤᠨ ᠡᠳᠦᠷ ᠤᠨ ᠦᠳᠡ ᠶᠢᠨ ᠡᠮᠦᠨᠡᠬᠢ 8᠄ 30 — 12᠄ 00︔ ᠦᠳᠡ ᠶᠢᠨ ᠬᠤᠢᠨ᠎ᠠ 15 ᠴᠠᠭ ᠠᠴᠠ 18 ᠴᠠᠭ ᠲᠤ᠃      ︵ᠭᠤᠷᠪᠠ︶ ᠭᠥᠯᠢᠶᠡᠨ ᠠᠪᠬᠤ ᠤᠲᠠᠰᠤ᠄  0479  —7525212      ᠳᠠᠭᠠᠯᠳᠤᠭᠤᠯᠤᠯ᠄ ᠡᠷᠢᠶᠡᠨ ᠬᠤᠲᠠ ᠶᠢᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠢᠯᠡ ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠢᠨᠠᠨ ᠬᠠᠷᠭᠤᠭᠤᠯᠵᠤ ᠪᠠᠲᠤᠯᠠᠭᠰᠠᠨ ᠨᠡᠷᠡᠰ
 
ᠢᠷᠡᠯᠲᠡ᠄ ᠤᠯᠤᠰ ᠤᠨ ᠡᠮᠴᠢᠯᠡᠭᠡᠨ ᠤ ᠪᠠᠲᠤᠯᠠᠭᠠᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号