ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠰᠦᠯᠵᠢᠶᠡᠨ ᠳᠤ ᠬᠤᠯᠪᠤᠬᠤ ᠦᠢᠯᠡᠳᠭᠦᠨ ︵ᠬᠤᠶᠠᠳᠤᠭᠠᠷ ᠪᠦᠯᠦᠭ︶ ᠢ ᠢᠯᠡ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/6/22
     ᠥᠪᠥᠷ ᠡᠮ ᠲᠦᠪᠯᠡᠷᠡᠭᠦᠯᠦᠨ ᠬᠤᠳᠠᠯᠳᠤᠨ ᠠᠪᠬᠤ ᠲᠥᠪ ᠦᠰᠦᠭ  ﹇2021﹈  113 ᠳ᠋ᠤᠭᠠᠷ ᠲᠣᠭᠠᠲᠤ ᠡᠯ᠎ᠡ ᠬᠠᠮᠢᠶ᠎ᠠ ᠪᠥᠬᠦᠶ ᠨᠢᠭᠡᠴᠢ᠄      ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠬᠤᠯᠪᠣᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠳᠠᠭᠠᠳᠬᠠᠯ ᠠᠯᠪᠠᠨ ᠲᠠᠷᠬᠠᠭᠠᠭᠰᠠᠨ ﹇2021﹈  90 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠮᠡᠳᠡᠭᠡ ᠵᠠᠩᠭᠢ ︵ᠬᠤᠶᠠᠳᠤᠭᠠᠷ ᠪᠦᠯᠦᠭ︶ ᠶᠢ ᠢᠯᠡ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠪᠡ᠄      ᠨᠢᠭᠡ᠂ ᠢᠯᠡ ᠨᠡᠶᠢᠲᠡᠯᠡᠬᠦ ᠠᠭᠤᠯᠭ᠎ᠠ      ᠠᠵᠤ ᠠᠬᠤᠶᠢᠯᠠᠯ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠪᠦᠲᠦᠭᠡᠭᠳᠡᠬᠦᠨ ᠤ ᠮᠡᠳᠡᠭᠡ ᠵᠠᠩᠭᠢ ᠪᠠᠨ ᠮᠡᠳᠡᠭᠦᠯᠬᠦ ᠬᠡᠷᠡᠭᠲᠡᠶ᠃ ᠪᠣᠶ ᠪᠥᠬᠦᠶ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠥᠪᠥᠷ ᠮᠣᠩᠭᠤᠯ ᠤᠨ ᠡᠮ ᠡᠮᠨᠡᠯᠭᠡ  ᠬᠤᠳᠠᠯᠳᠤᠨ ᠠᠪᠬᠤ ᠰᠦᠯᠵᠢᠶᠡᠨ ᠤ ᠪᠠᠯᠠ ᠮᠥᠩᠭᠦ ᠶᠢ ᠬᠢᠨᠠᠬᠤ ᠰᠢᠰᠲ᠋ᠧᠮ ᠳᠤ ᠣᠷᠣᠵᠤ ᠮᠡᠳᠡᠭᠡ ᠵᠠᠩᠭᠢ ᠶᠢ ᠪᠠᠶᠢᠴᠠᠭᠠᠨ ᠦᠵᠡᠨ᠎ᠡ᠃      ᠬᠤᠶᠠᠷ᠂ ᠢᠯᠡ ᠨᠡᠶᠢᠲᠡᠯᠡᠬᠦ ᠴᠠᠭ      2021 ᠣᠨ ᠤ 6 ᠳ᠋ᠤᠭᠠᠷ ᠰᠠᠷ᠎ᠠ ᠶᠢᠨ 22 — 6 ᠳ᠋ᠤᠭᠠᠷ ᠰᠠᠷ᠎ᠠ ᠶᠢᠨ 28 ᠤ ᠡᠳᠦᠷ᠃      ᠭᠤᠷᠪᠠ᠂ ᠪᠤᠰᠤᠳ ᠵᠦᠢᠯ      ︵ᠨᠢᠭᠡ︶ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ ᠤᠳ ᠬᠡᠷᠪᠡ ᠵᠠᠷᠯᠠᠨ ᠨᠡᠶᠢᠲᠡᠯᠡᠭᠰᠡᠨ ᠮᠡᠳᠡᠭᠡ ᠵᠠᠩᠭᠢ ᠵᠢᠴᠢ ᠦᠢᠯᠡᠳᠭᠦᠨ ᠤ ᠦᠨ᠎ᠡ ᠬᠠᠩᠰᠢ ᠳᠤ ᠣᠨᠳᠣᠤ ᠰᠠᠨᠠᠯ ᠲᠠᠢ ᠪᠠᠶᠢᠪᠠᠯ᠂ ︽ᠬᠡᠨ ᠵᠣᠷᠢᠪᠠᠯ ᠲᠡᠷᠡ ᠭᠡᠷᠡᠴᠢ ᠳᠤᠷᠠᠳᠬᠤ︾ ᠵᠠᠷᠴᠢᠮ ᠤᠨ ᠶᠣᠰᠣᠭᠠᠷ᠂ ᠦᠨᠡᠨ ᠪᠣᠳᠠᠲᠠᠶ ᠬᠦᠴᠦᠨ ᠲᠠᠢ᠂ ᠪᠦᠷᠢᠨ ᠭᠦᠢᠴᠡᠳ ᠭᠡᠷᠡᠴᠢᠯᠡᠬᠦ ᠮᠠᠲ᠋ᠧᠷᠢᠶᠠᠯ ᠢ ᠬᠠᠩᠭᠠᠵᠤ᠂ ᠬᠤᠭᠤᠴᠠᠭ᠎ᠠ ᠠᠴᠠ ᠪᠠᠨ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠲᠤᠰᠢᠶᠠᠭᠰᠠᠨ ᠥᠬᠡᠶ ᠪᠠᠶᠢᠪᠠᠯ ᠭᠥᠯᠢᠶᠡᠨ ᠠᠪᠴᠤ ᠰᠢᠢᠳᠪᠦᠷᠢᠯᠡᠬᠦ ᠥᠬᠡᠶ᠃      ︵ᠬᠤᠶᠠᠷ︶ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ︵ᠪᠠᠯᠠ ᠣᠷᠣᠭᠤᠯᠬᠤ︶ ᠵᠠᠭᠠᠯᠳᠤᠯᠭ᠎ᠠ ᠶᠢᠨ ᠮᠠᠲ᠋ᠧᠷᠢᠶᠠᠯ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾ ︵ᠳᠠᠭᠠᠯᠳᠤᠭᠤᠯᠤᠯ 1︶᠂ ︽ᠬᠠᠤᠯᠢ ᠡᠷᠬᠡᠳᠡᠨ ᠤ ᠡᠷᠬᠡ ᠣᠯᠭᠤᠬᠤ ᠪᠢᠴᠢᠭ︾ ︵ᠳᠠᠭᠠᠯᠳᠤᠭᠤᠯᠤᠯ 2︶᠂ ︽ᠪᠠᠶᠢᠳᠠᠯ ᠤᠨ ᠲᠣᠳᠣᠷᠬᠠᠶᠢᠯᠠᠯᠲᠠ︾ ᠪᠣᠯᠤᠨ ᠬᠠᠮᠢᠶ᠎ᠠ ᠪᠥᠬᠦᠶ ᠲᠣᠳᠣᠷᠬᠠᠶ ᠪᠥᠭᠡᠳ ᠬᠦᠴᠦᠨ ᠲᠠᠢ ᠭᠡᠷᠡᠴᠢᠯᠡᠬᠦ ᠮᠠᠲ᠋ᠧᠷᠢᠶᠠᠯ ᠪᠠᠭᠲᠠᠨ᠎ᠠ᠃      ︵ᠭᠤᠷᠪᠠ︶ ᠲᠤᠰᠢᠶᠠᠬᠤ ᠠᠷᠭ᠎ᠠ ᠮᠠᠶ᠋ᠢᠭ᠄ ᠬᠠᠮᠢᠶ᠎ᠠ ᠪᠥᠬᠦᠶ ᠠᠵᠤ ᠠᠬᠤᠶᠢᠯᠠᠯ ᠨᠢ ᠭᠤᠶᠤᠴᠢᠯᠠᠬᠤ ︵ᠵᠠᠭᠠᠯᠳᠤᠬᠤ︶ ᠵᠠᠭᠠᠯᠳᠤᠯᠭ᠎ᠠ ᠶᠢᠨ ᠮᠠᠲ᠋ᠧᠷᠢᠶᠠᠯ ᠢᠶᠠᠨ ᠬᠠᠭᠤᠳᠠᠰᠤ ᠳᠠᠷᠠᠭᠠᠯᠠᠨ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠵᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠰᠢᠤᠳᠠᠨ ᠤ ᠬᠠᠶᠢᠷᠴᠠᠭ ︵nmgyczxywsl@163.com ︶ ᠲᠤ ᠢᠯᠡᠭᠡᠨ᠎ᠡ᠃      ︵ᠳᠥᠷᠪᠡ︶ ᠢᠯᠡ ᠨᠡᠶᠢᠲᠡᠯᠡᠬᠦ ᠬᠤᠭᠤᠴᠠᠭᠠᠨ ᠳᠤ ᠭᠥᠯᠢᠶᠡᠨ ᠠᠪᠤᠭᠰᠠᠨ ᠭᠤᠶᠤᠴᠢᠯᠠᠯ ︵ᠵᠠᠭᠠᠯᠳᠤᠬᠤ︶ ᠤᠨ ᠵᠠᠭᠠᠯᠳᠤᠯᠭ᠎ᠠ ᠶᠢ ᠲᠥᠪᠯᠡᠷᠡᠭᠦᠯᠦᠨ ᠰᠢᠢᠳᠪᠦᠷᠢᠯᠡᠵᠦ᠂ ᠲᠤᠬᠠᠶ ᠶᠢᠨ ᠦᠶ᠎ᠡ ᠳᠤ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠪᠠᠷ ᠳᠡᠮᠵᠢᠨ ᠦᠷ᠎ᠡ ᠳ᠋ᠦᠩ ᠢ ᠨᠢᠭᠡᠳᠦᠯᠲᠡᠶ ᠨᠡᠶᠢᠲᠡᠯᠡᠨ᠎ᠡ᠃ ᠢᠯᠡ ᠨᠡᠶᠢᠲᠡᠯᠡᠬᠦ ᠳᠤ ᠣᠨᠳᠣᠤ ᠰᠠᠨᠠᠯ ᠥᠬᠡᠶ ᠦᠢᠯᠡᠳᠭᠦᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ  ᠦᠢᠯᠡᠳᠭᠦᠨ ᠤ ᠠᠷᠠᠯᠵᠢᠶ᠎ᠠ ᠶᠢᠨ ᠬᠥᠮᠥᠷᠭᠡ ᠳᠤ ᠣᠷᠣᠭᠤᠯᠤᠨ᠎ᠠ᠃      ᠳᠥᠷᠪᠡ᠂ ᠬᠠᠷᠢᠯᠴᠠᠬᠤ ᠠᠷᠭ᠎ᠠ ᠮᠠᠶ᠋ᠢᠭ      0471 — 4919735 ︵ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ︶      0471 — 4907267 ︵ᠲᠤᠬᠠᠶᠢᠯᠠᠭᠰᠠᠨ ᠠᠵᠢᠯ ᠤᠨ ᠯᠠᠪᠯᠠᠯᠭ᠎ᠠ︶      ᠳᠠᠭᠠᠯᠳᠤᠭᠤᠯᠤᠯ᠄      1᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ       2᠂ ᠬᠠᠤᠯᠢ ᠶᠢᠨ ᠡᠷᠬᠡᠳᠡᠨ ᠤ ᠡᠷᠬᠡ ᠣᠯᠭᠤᠬᠤ ᠪᠢᠴᠢᠭ                             ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ                               2021 ᠣᠨ ᠤ 6  ᠳ᠋ᠤᠭᠠᠷ ᠰᠠᠷ᠎ᠠ ᠶᠢᠨ 22 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号