ᠤᠯᠠᠭᠠᠨᠴᠠᠪ ᠬᠤᠲᠠ ᠶᠢᠨ 2021 ᠣᠨ ᠤ ᠪᠠᠷᠢᠯᠭ᠎ᠠ ᠶᠢᠨ ᠠᠵᠢᠯ ᠤᠨ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠪᠠ ︽ᠠᠶᠤᠯᠭᠦᠶ ᠦᠢᠯᠡᠳᠪᠦᠷᠢᠯᠡᠯ ᠤᠨ ᠲᠠᠯ᠎ᠠ ᠨᠤᠲᠤᠭ ᠤᠨ ᠠᠶᠠᠯᠠᠯ︾ ᠤᠨ ᠤᠬᠠᠭᠤᠯᠭ᠎ᠠ ᠶᠢᠨ ᠡᠬᠢᠯᠡᠯᠲᠡ ᠶᠢᠨ ᠶᠣᠰᠣᠯᠠᠯ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2021/6/7
     ᠡᠨᠡ ᠵᠢᠯ ᠤᠨ 6 ᠳ᠋ᠤᠭᠠᠷ ᠰᠠᠷ᠎ᠠ ᠪᠣᠯ 20 ᠳ᠋ᠤᠭᠠᠷ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠂ ᠭᠤᠣᠯ ᠰᠡᠳᠦᠪ ᠨᠢ ︽ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠥᠭᠵᠢᠯᠲᠡ ᠶᠢ ᠠᠬᠢᠭᠤᠯᠬᠤ︾ ᠪᠣᠯᠤᠨ᠎ᠠ᠃ 2021 ᠣᠨ ᠤ 6 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠴᠠᠪ ᠬᠤᠳᠠ ᠶᠢᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠣᠯᠤᠨ ︽ᠠᠶᠤᠯᠭᠦᠢ ᠦᠢᠯᠡᠳᠪᠦᠷᠢᠯᠡᠯ ᠤᠨ ᠲᠠᠯ᠎ᠠ ᠨᠤᠲᠤᠭ ᠤᠨ ᠠᠶᠠᠯᠠᠯ︾ ᠤᠨ ᠤᠬᠠᠭᠤᠯᠭ᠎ᠠ ᠶᠢᠨ ᠡᠬᠢᠯᠡᠯᠲᠡ ᠶᠢᠨ ᠶᠣᠰᠣᠯᠠᠯ ᠸᠠᠨ ᠳ᠋ᠠ ᠲᠠᠯᠠᠪᠠᠢ ᠶᠢᠨ ᠣᠷᠣᠨ ᠰᠠᠭᠤᠴᠠ ᠶᠢᠨ ᠠᠰᠠᠷ ᠤᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠶᠠᠪᠤᠭᠳᠠᠪᠠ᠃ ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠢᠦᠶ᠂ ᠬᠠᠮᠢᠶ᠎ᠠ ᠪᠥᠬᠦᠶ ᠰᠠᠯᠠᠭ᠎ᠠ ᠲᠠᠰᠤᠭ᠂ ᠨᠢᠭᠡᠴᠢ ᠶᠢᠨ ᠬᠠᠷᠢᠭᠤᠴᠠᠯᠭᠠᠲᠠᠨ ᠵᠢᠴᠢ ᠬᠤᠲᠠ ᠲᠣᠭᠤᠷᠢᠭ ᠤᠨ ᠪᠠᠶᠢᠭᠤᠯᠵᠤ ᠪᠠᠶᠢᠭ᠎ᠠ ᠭᠤᠤᠯ ᠲᠥᠷᠥᠯ  ᠵᠦᠢᠯ ᠤᠨ ᠬᠠᠷᠢᠭᠤᠴᠠᠯᠭᠠᠲᠠᠨ ᠨᠡᠶᠢᠲᠡ 200 ᠭᠠᠷᠤᠶ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠶ᠃
     ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠢᠦᠶ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠪᠠ ︽ᠠᠶᠤᠯᠭᠦᠶ ᠦᠢᠯᠡᠳᠪᠦᠷᠢᠯᠡᠯ ᠤᠨ ᠲᠠᠯ᠎ᠠ ᠨᠤᠲᠤᠭ ᠤᠨ ᠠᠶᠠᠯᠠᠯ︾ ᠭᠡᠬᠦ ᠬᠤᠶᠠᠷ ᠵᠦᠢᠯ ᠤᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ ᠡᠭᠦᠨ ᠤ ᠬᠠᠮᠲᠤ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠪᠦᠲᠦᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠨᠦᠭᠦᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠣᠭᠤᠷᠢᠨ ᠳᠤ ᠲᠥᠪᠯᠡᠷᠡᠭᠦᠯᠦᠨ ᠪᠣᠭᠤᠮᠲᠠ ᠰᠢᠪᠲᠤᠯᠵᠤ᠂ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠤᠬᠠᠭᠤᠯᠬᠤ᠂ ᠬᠥᠮᠦᠵᠢᠭᠦᠯᠬᠦ᠂ ᠪᠠᠶᠢᠴᠠᠭᠠᠬᠤ᠂ ᠲᠣᠭᠤᠷᠢᠨ ᠦᠵᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠤᠯᠠᠭᠠᠨᠴᠠᠪ ᠬᠤᠲᠠ ᠶᠢᠨ ᠪᠠᠷᠢᠯᠭ᠎ᠠ ᠶᠢᠨ ᠠᠵᠢᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠠᠷᠢᠯᠭ᠎ᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ ᠪᠡᠯᠡᠭ ᠬᠦᠷᠭᠡᠬᠦ ᠬᠡᠷᠡᠭᠲᠡᠶ ᠭᠡᠪᠡ᠃      ᠡᠬᠢᠯᠡᠯᠲᠡ ᠶᠢᠨ ᠶᠣᠰᠣᠯᠠᠯ ᠳᠤ᠂ ᠤᠯᠠᠭᠠᠨᠴᠠᠪ ᠬᠤᠳᠠ ᠶᠢᠨ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ ᠤᠨ ᠳᠠᠷᠤᠭ᠎ᠠ ᠳ᠋ᠠᠢ  ᠾᠦᠢ ᠯᠢᠶᠠᠩ ᠤᠯᠠᠭᠠᠨᠴᠠᠪ ᠬᠤᠳᠠ ᠶᠢᠨ ᠡᠨᠡ ᠵᠢᠯ ᠤᠨ ᠪᠠᠷᠢᠯᠭ᠎ᠠ ᠶᠢᠨ ᠠᠵᠢᠯ ᠲᠦᠷᠦᠯ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ ᠠᠵᠢᠯᠯᠠᠭ᠎ᠠ ᠶᠢᠨ ᠲᠤᠬᠠᠢ ᠨᠠᠷᠢᠨ ᠲᠤᠬᠢᠷᠠᠭᠤᠯᠤᠯᠲᠠ ᠪᠠ ᠪᠣᠳᠠᠲᠠᠢ ᠱᠠᠭᠠᠷᠳᠠᠯᠭ᠎ᠠ ᠬᠢᠵᠡᠢ᠃ ᠸᠠᠨ ᠳ᠋ᠠ ᠲᠦᠷᠦᠯ ᠵᠦᠢᠯ ᠤᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠬᠤᠶᠠᠳᠤᠭᠠᠷ ᠲᠣᠪᠴᠢᠶ᠎ᠠ ᠶᠢᠨ ᠭᠤᠷᠪᠠᠳᠤᠭᠠᠷ ᠪᠠᠷᠢᠯᠭ᠎ᠠ ᠶᠢᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠳᠠᠭᠠᠭᠠᠮᠠᠯ ᠭᠤᠤ ᠰᠢᠨ ᠪᠠᠷᠢᠯᠭ᠎ᠠ ᠶᠢᠨ ᠠᠵᠤ ᠠᠬᠤᠶᠢᠯᠠᠯ ᠢ ᠲᠥᠯᠥᠭᠡᠯᠡᠨ ᠦᠭᠡ ᠬᠡᠯᠡᠪᠡ᠃
     ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ 20 ᠳ᠋ᠤᠭᠠᠷ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠵᠤ᠂ ᠪᠠᠷᠢᠯᠭ᠎ᠠ ᠶᠢᠨ ᠠᠵᠢᠯᠲᠠᠳ ᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠴᠢᠳᠠᠪᠤᠷᠢ ᠶᠢ ᠨᠡᠮᠡᠭᠳᠡᠭᠦᠯᠵᠡᠢ᠃    ᠶᠣᠰᠣᠯᠠᠯ ᠲᠡᠭᠦᠰᠦᠭᠰᠡᠨ ᠤ ᠲᠠᠷᠠᠭ᠎ᠠ᠂ ᠬᠤᠷᠠᠯ ᠳᠤ ᠣᠷᠣᠯᠴᠠᠭᠰᠠᠳ ᠸᠠᠨ ᠳ᠋ᠠ ᠠᠭᠤᠳᠠᠮ ᠲᠠᠯᠠᠪᠠᠢ ᠶᠢᠨ ᠣᠷᠣᠨ ᠰᠠᠭᠤᠴᠠ ᠶᠢᠨ ᠠᠰᠠᠷ ᠤᠨ ᠲᠦᠷᠦᠯ ᠵᠦᠢᠯ ᠤᠨ ᠪᠠᠷᠢᠮᠵᠢᠶᠠᠵᠢᠭᠰᠠᠨ ᠪᠣᠯᠪᠠᠰᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢ ᠲᠣᠭᠤᠷᠢᠨ ᠦᠵᠡᠭᠰᠡᠨ ᠪᠥᠭᠡᠳ ᠠᠶᠤᠯᠭᠦᠢ ᠦᠢᠯᠡᠳᠪᠦᠷᠢᠯᠡᠯ ᠤᠨ ᠲᠤᠷᠰᠢᠯᠭ᠎ᠠ ᠮᠡᠳᠡᠯᠭᠡ ᠪᠠᠨ ᠰᠣᠯᠢᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号