ᠥᠪᠥᠷ ᠮᠣᠩᠭᠤᠯ ᠤᠨ ᠠᠩᠬᠠᠳᠠᠭᠴᠢ ᠡᠮᠴᠢᠯᠡᠭᠡ ᠶᠢᠨ  ᠪᠠᠳᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ 12393 ᠬᠥᠬᠡᠬᠤᠲᠠ ᠳᠤ ᠨᠡᠪᠲᠡᠷᠡᠪᠡ︕
ᠨᠡᠶᠢᠲᠡᠯᠡᠭᠰᠡᠨ ᠴᠠᠭ᠄
2021/6/7
     ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠠᠵᠤ ᠠᠬᠤᠶᠢᠯᠠᠯ ᠪᠠ ᠣᠯᠠᠨ ᠲᠦᠮᠡᠨ ᠳᠤ ᠰᠢᠭᠤᠳ ᠬᠠᠨᠳᠤᠭᠤᠯᠵᠤ᠂ ᠠᠰᠠᠭᠤᠳᠠᠯ ᠤᠨ ᠰᠠᠨᠠᠭᠤᠯᠭ᠎ᠠ ᠶᠢ ᠲᠤᠰᠬᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠰᠠᠭᠤᠳᠠᠯ ᠢ  ᠰᠢᠢᠳᠪᠦᠷᠢᠯᠡᠬᠦ ᠶᠢ ᠳᠥᠯᠭᠢᠨ ᠠᠬᠢᠭᠤᠯᠬᠤ ᠴᠢᠬᠤᠯᠠ ᠠᠷᠭ᠎ᠠ ᠵᠠᠮ ᠮᠥᠨ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤ ᠶᠢ ᠰᠢᠯᠢᠳᠡᠭᠵᠢᠭᠦᠯᠬᠦ ᠨᠢ ᠵᠠᠰᠠᠭ ᠤᠨ ᠶᠠᠪᠤᠳᠠᠯ ᠤᠨ ᠡᠬᠢ ᠪᠠᠶᠠᠯᠢᠭ ᠢ ᠪᠦᠲᠦᠮᠵᠢᠲᠡᠶ ᠠᠰᠢᠭᠯᠠᠬᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠳᠬᠠᠬᠤ᠂ ᠠᠵᠤ ᠠᠬᠤᠶᠢᠯᠠᠯ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠴᠢᠬᠤᠯᠠ  ᠦᠢᠯᠡᠳᠦᠯ ᠲᠠᠢ ᠶᠤᠮ᠂ 2021 ᠣᠨ ᠤ 5 ᠳ᠋ᠤᠭᠠᠷ ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠠᠩᠬᠠᠳᠠᠭᠴᠢ ᠡᠮᠴᠢᠯᠡᠭᠡ ᠶᠢᠨ  ᠪᠠᠳᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ 12393 ᠶᠢ ᠬᠥᠬᠡᠬᠤᠲᠠ ᠳᠤ ᠵᠢᠩᠬᠢᠨᠢ ᠪᠠᠷ ᠨᠡᠪᠲᠡᠷᠡᠭᠦᠯᠪᠡ᠂ ᠲᠣᠰ ᠬᠠᠯᠠᠮᠰᠢᠯ ᠤᠲᠠᠰᠤ ᠪᠣᠯ ᠲᠤᠰᠬᠠᠶᠢᠯᠠᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠬᠠᠩᠭᠠᠬᠤ᠂ ᠠᠷᠠᠳ ᠣᠯᠠᠨ ᠤ ᠡᠮ ᠡᠮᠨᠡᠯᠭᠡ ᠶᠢᠨ ᠳᠠᠭᠠᠳᠬᠠᠯ ᠤᠨ ᠠᠰᠠᠭᠤᠳᠠᠯ ᠢ  ᠰᠢᠢᠳᠪᠦᠷᠢᠯᠡᠬᠦ ᠬᠠᠯᠠᠮᠰᠢᠯ ᠤᠲᠠᠰᠤ ᠪᠣᠯᠤᠨ᠎ᠠ᠃      ᠲᠥᠷᠥ ᠶᠢᠨ ᠶᠠᠪᠤᠳᠠᠯ ᠤᠨ ᠬᠤᠷᠢᠶᠠᠨ ᠤ ︽ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ 12393 ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠬᠢᠭᠡᠳ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠬᠤᠤᠰ ᠳ᠋ᠤᠭᠠᠷ ᠢ ᠵᠡᠷᠭᠡᠪᠡᠷ ᠬᠡᠷᠡᠭᠯᠡᠵᠦ᠂ ᠳᠠᠭᠠᠳᠬᠠᠯ ᠳᠤ ᠣᠷᠣᠯᠴᠠᠭᠰᠠᠳ 12393 ᠪᠤᠶᠤ 12345 ᠦᠢᠯᠡᠴᠢᠯᠡᠭᠡᠨ ᠤ ᠬᠠᠯᠠᠮᠰᠢᠯ ᠤᠲᠠᠰᠤ ᠶᠢ ᠤᠲᠠᠰᠤᠳᠠᠪᠠᠯ ᠴᠥᠮ ᠠᠰᠠᠭᠤᠨ ᠯᠠᠪᠯᠠᠬᠤ  ᠦᠢᠯᠡᠴᠢᠯᠡᠭᠡ ᠭᠥᠷᠳᠡᠵᠦ ᠪᠣᠯᠤᠨ᠎ᠠ᠃      ᠳᠠᠭᠠᠳᠬᠠᠯ ᠳᠤ ᠣᠷᠣᠯᠴᠠᠭᠰᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠭᠡᠬᠦ ᠯᠠᠪᠯᠠᠯᠲᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠲᠥᠯᠥᠭᠡ᠂ ᠤᠯᠤᠰ ᠤᠨ  ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ 12393 ᠪᠥᠬᠦ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠥᠬᠡᠬᠤᠲᠠ ᠢᠳᠡᠪᠬᠢᠲᠡᠶ ᠣᠷᠣᠯᠴᠠᠵᠤ᠂ ᠲᠦᠷᠭᠡᠨ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠬᠢᠭᠡᠳ ᠣᠯᠠᠨ ᠲᠦᠮᠡᠨ ᠤ ᠬᠤᠭᠤᠷᠣᠨᠳᠣᠬᠢ ︽ᠬᠤᠯᠪᠣᠯᠳᠤᠭᠰᠠᠨ ᠬᠥᠭᠦᠷᠭᠡ︾ ᠶᠢ ᠪᠠᠶᠢᠭᠤᠯᠪᠠ᠃      ᠠᠷᠠᠳ ᠲᠤ ᠲᠥᠬᠦᠮ ᠦᠵᠡᠭᠦᠯᠬᠦ 12393 ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠳᠠᠮᠵᠢᠭᠤᠯᠤᠨ᠂ ᠣᠯᠠᠨ ᠲᠦᠮᠡᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠵᠡᠷᠭᠡ ᠦᠢᠯᠡᠴᠢᠯᠡᠭᠡ ᠶᠢ ᠬᠢᠯᠪᠠᠷᠬᠠᠨ ᠢᠶᠠᠷ ᠭᠦᠢᠴᠡᠳᠭᠡᠵᠦ ᠪᠣᠯᠤᠨ᠎ᠠ ᠃ ᠳ᠋ᠢᠶᠠᠩᠬᠤᠸᠠ ᠶᠢᠨ ᠳᠠᠷᠤᠭᠤᠯ ᠤᠨ ᠠᠪᠢᠶ᠎ᠠ ᠶᠢᠨ ᠰᠠᠨᠠᠭᠤᠯᠤᠮᠵᠢ ᠶᠢᠨ ᠠᠵᠢᠯᠯᠠᠭ᠎ᠠ ᠶᠢ ᠦᠨᠳᠦᠰᠦᠯᠡᠨ᠂ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠠᠰᠠᠭᠤᠨ ᠯᠠᠪᠯᠠᠵᠤ ᠂ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠵᠦᠢᠯᠡᠰ ᠤᠨ ᠬᠡᠷᠡᠭ ᠶᠠᠪᠤᠳᠠᠯ ᠭᠦᠢᠴᠡᠳᠭᠡᠬᠦ ᠵᠦᠭᠯᠡᠭᠦᠷ ᠢ ᠪᠠᠶᠢᠴᠠᠭᠠᠨ ᠯᠠᠪᠯᠠᠵᠤ᠂ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠪᠠᠶᠢᠭᠤᠯᠤᠮᠵᠢ᠂ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠵᠡᠷᠭᠡ ᠶᠢ ᠠᠰᠠᠭᠤᠨ ᠯᠠᠪᠯᠠᠵᠣ ᠪᠣᠯᠤᠨ᠎ᠠ᠃ ᠲᠣᠰ ᠬᠠᠯᠠᠮᠰᠢᠯ ᠤᠲᠠᠰᠤ ᠨᠢ ᠪᠠᠰᠠ ᠬᠤᠪᠢ ᠬᠥᠮᠦᠨ ᠤ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠪᠠᠶᠢᠴᠠᠭᠠᠨ ᠯᠠᠪᠯᠠᠵᠤ ᠪᠣᠯᠤᠨ᠎ᠠ᠃ ᠡᠭᠦᠨ ᠤ ᠬᠠᠮᠲᠤ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠬᠡᠷᠡᠭ ᠭᠦᠢᠴᠡᠳᠭᠡᠬᠦ ᠶᠠᠪᠤᠴᠠ᠂ ᠠᠵᠢᠯᠲᠠᠨ ᠳᠤ ᠰᠠᠨᠠᠯ ᠰᠠᠨᠠᠭᠤᠯᠭ᠎ᠠ ᠲᠤᠷᠠᠳᠴᠦ ᠪᠤᠯᠤᠨ᠎ᠠ᠃      ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤᠨ ᠳᠤ ︽ᠨᠢᠭᠡᠳᠦᠭᠡᠷ ᠨᠣᠮᠧᠷ ᠢᠶᠠᠷ ᠭᠠᠳᠠᠭᠰᠢ ᠶᠠᠪᠤᠭᠤᠯᠬᠤ᠂ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ᠂ ᠨᠢᠭᠡᠳᠦᠯᠲᠡᠶ ᠵᠣᠬᠢᠴᠠᠭᠤᠯᠬᠤ᠂ ᠡᠯ᠎ᠡ ᠲᠠᠯ᠎ᠠ ᠶᠢᠨ ᠬᠢᠨ ᠬᠤᠯᠪᠣᠭᠠᠯᠠᠨ ᠬᠥᠳᠡᠯᠦᠯᠴᠡᠬᠦ᠂ ᠴᠠᠭ ᠬᠢᠵᠠᠭᠠᠷᠯᠠᠨ ᠭᠦᠢᠴᠡᠳᠭᠡᠬᠦ︾ ᠠᠵᠢᠯ ᠤᠨ ᠲᠣᠭᠲᠠᠴᠠ ᠶᠢ ᠬᠡᠷᠡᠭᠵᠢᠭᠦᠯᠦᠨ᠎ᠡ᠃ ᠰᠡᠭᠦᠯᠴᠢ ᠪᠠᠷ ᠬᠠᠯᠠᠮᠰᠢᠯ ᠤᠲᠠᠰᠤ  ᠨᠢ 7 × 24 ᠴᠠᠭ ᠤᠨ ᠦᠢᠯᠡᠴᠢᠯᠡᠭᠡ ᠬᠠᠩᠭᠠᠬᠤ᠂ ᠠᠵᠢᠯ ᠤᠨ ᠪᠤᠰᠤ ᠴᠠᠭ ᠲᠤ ᠣᠶᠤᠨᠴᠢ ᠪᠠᠷ ᠬᠠᠷᠢᠭᠤ ᠥᠭᠴᠦ᠂ ᠦᠢᠯᠡᠴᠢᠯᠡᠭᠡ ᠶᠢ ᠵᠤᠭᠰᠤᠰᠢ ᠥᠬᠡᠶ ᠪᠡᠶᠡᠯᠡᠭᠦᠯᠬᠦ ᠪᠣᠯᠤᠨ᠎ᠠ᠃ 12393 ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠡᠪᠲᠡᠷᠡᠭᠦᠯᠦᠭᠰᠡᠨ ᠨᠢ ᠡᠮ ᠡᠮᠨᠡᠯᠭᠡ ᠶᠢᠨ ᠳᠠᠭᠠᠳᠬᠠᠯ ᠤᠨ ᠠᠵᠤ ᠠᠬᠤᠶᠢᠯᠠᠯ ᠪᠠ ᠣᠯᠠᠨ ᠲᠦᠮᠡᠨ ᠯᠦᠭᠡ ᠬᠠᠷᠢᠯᠴᠠᠨ ᠬᠥᠳᠡᠯᠦᠯᠴᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠡᠮ ᠡᠮᠨᠡᠯᠭᠡ ᠶᠢᠨ ᠳᠠᠭᠠᠳᠬᠠᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠣᠶ ᠪᠣᠯᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号