ᠣᠨᠴᠠᠯᠠᠨ ᠬᠠᠮᠠᠯᠵᠢᠯᠠᠬᠤ ᠳᠤᠬᠠᠢ
ᠨᠡᠶᠢᠲᠡᠯᠡᠭᠰᠡᠨ ᠴᠠᠭ᠄
2021/7/11
       ᠣᠨᠴᠠᠯᠠᠨ ᠬᠠᠯᠠᠮᠵᠢᠯᠠᠬᠤ ᠡᠳᠡᠭᠡᠳ ᠨᠢ ᠶᠠᠮᠠᠷ ᠬᠦᠮᠦᠰ ᠢ ᠵᠢᠭᠠᠳᠠᠭ ᠪᠤᠢ︖      ᠬᠠᠷᠢᠭᠤᠯᠳᠠ᠄ ︽ᠴᠡᠷᠢᠭ ᠤᠨ ᠬᠦᠮᠦᠨ ᠳᠤ ᠠᠰᠠᠷᠠᠮᠵᠢ ᠶᠢᠨ ᠤᠨᠴᠠ ᠬᠠᠷᠠᠭᠠᠯᠵᠠᠯ ᠤᠯᠭᠤᠬᠤ ᠳᠦᠷᠢᠮ︾ ᠢ ᠦᠨᠳᠦᠰᠦᠯᠡᠪᠡᠯ᠂ ᠤᠨᠴᠠᠯᠠᠨ ᠬᠠᠯᠠᠮᠵᠢᠯᠠᠬᠤ ᠡᠳᠡᠭᠡᠳ ᠭᠡᠳᠡᠭ ᠨᠢ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠤᠳᠤ ᠪᠠᠷ ᠢᠶᠠᠨ ᠠᠯᠪᠠ ᠬᠠᠭᠠᠵᠤ ᠪᠠᠶᠢᠭ᠎ᠠ ᠴᠡᠷᠢᠭ᠂ ᠤᠳᠤ ᠪᠠᠷ ᠢᠶᠠᠨ ᠠᠯᠪᠠ ᠬᠠᠭᠠᠵᠤ ᠪᠠᠶᠢᠭ᠎ᠠ ᠪᠤᠶᠤ ᠠᠯᠪᠠ ᠬᠠᠭᠠᠬᠤ ᠠᠴᠠ ᠪᠠᠨ ᠬᠠᠯᠠᠭᠳᠠᠭᠰᠠᠨ ᠵᠡᠮᠳᠡᠭ ᠴᠡᠷᠢᠭ ᠬᠢᠭᠡᠳ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ ᠪᠠᠭᠤᠭᠰᠠᠳ᠂ ᠦᠷᠡᠭᠳᠡᠭᠰᠡᠨ ᠪᠠᠭᠠᠳᠤᠷᠴᠤᠳ ᠤᠨ ᠭᠡᠷ ᠪᠦᠯᠢ ᠶᠢᠨ ᠬᠢᠨ᠂ ᠠᠯᠪᠠᠨ ᠤᠴᠢᠷ ᠢᠶᠠᠷ ᠦᠷᠡᠭᠳᠡᠭᠰᠡᠨ ᠴᠡᠷᠢᠭ ᠤᠨ ᠭᠡᠷ ᠪᠦᠯᠢ ᠶᠢᠨ ᠬᠢᠨ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠶᠢᠨ ᠬᠢᠨ᠂ ᠳᠠᠶᠢᠨ ᠳᠤ ᠤᠷᠤᠯᠴᠠᠵᠤ ᠳᠤᠷᠰᠢᠯᠳᠠ ᠰᠤᠷᠢᠯᠳᠠ ᠳᠤ ᠤᠷᠤᠯᠴᠠᠭᠠᠳ ᠴᠡᠷᠢᠭ ᠤᠨ ᠠᠯᠪᠠᠨ ᠠᠴᠠ ᠪᠠᠭᠤᠭᠰᠠᠨ ᠠᠵᠢᠯ ᠦᠭᠡᠢ ᠬᠦᠮᠦᠰ ︵ᠦᠷᠡᠨ ᠤ ᠠᠭᠤᠷᠬᠠᠢ ᠨᠡᠭᠡᠭᠡᠬᠦ ᠴᠡᠷᠢᠭ ᠠᠩᠬᠢ ᠶᠢᠨ ᠴᠡᠷᠢᠭ ᠠᠴᠠ ᠬᠠᠯᠠᠭᠳᠠᠭᠰᠠᠳ︶᠂ ᠵᠠᠷᠢᠮ ᠪᠦᠬᠦᠯᠢ 60 ᠨᠠᠰᠤᠯᠠᠭᠰᠠᠨ ᠬᠦᠳᠡᠭᠡ ᠳᠤᠰᠬᠤᠨ ᠤ ᠡᠷᠦᠭᠡ ᠠᠮᠠ ᠶᠢᠨ ᠳᠠᠩᠰᠠ ᠲᠠᠢ ︵ᠬᠤᠳᠠ ᠪᠠᠯᠭᠠᠰᠤᠨ ᠤ ᠠᠵᠢᠯ ᠦᠭᠡᠢ ᠬᠦᠮᠦᠰ︶ ᠴᠡᠷᠢᠭ ᠠᠴᠠ ᠬᠠᠯᠠᠭᠳᠠᠭᠰᠠᠳ ᠬᠢᠭᠡᠳ ᠦᠷᠡᠭᠳᠡᠭᠰᠡᠨ ᠪᠠᠭᠠᠳᠤᠷᠴᠤᠳ ᠤᠨ ᠦᠷ᠎ᠡ ᠭᠡᠤᠭᠡᠳ ︵ᠤᠯᠤᠰ ᠪᠠᠶᠢᠭᠤᠯᠤᠭᠳᠠᠬᠤ ᠠᠴᠠ ᠡᠮᠤᠨ᠎ᠠ ᠬᠢᠯᠢᠰ ᠪᠤᠷᠤᠭᠤ ᠪᠠᠷ ᠠᠯᠠᠭᠳᠠᠭᠠᠳ ᠰᠡᠬᠦᠯᠡᠷ ᠨᠢ ᠴᠠᠭᠠᠳᠬᠠᠭᠳᠠᠭᠰᠠᠳ ᠤᠨ ᠦᠷ᠎ᠡ ᠭᠡᠤᠭᠡᠳ ᠪᠠᠭᠳᠠᠨ᠎ᠠ︶᠂ ᠤᠳᠤ ᠪᠠᠷ ᠢᠶᠠᠨ ᠴᠡᠷᠢᠭ ᠤᠨ ᠠᠯᠪᠠ ᠬᠠᠭᠠᠵᠤ ᠪᠠᠶᠢᠭ᠎ᠠ ᠬᠦᠮᠦᠰ ᠤᠨ ᠭᠡᠷ ᠪᠦᠯᠢ ᠶᠢᠨ ᠬᠢᠨ ᠵᠡᠷᠭᠡ ᠶᠢ ᠵᠢᠭᠠᠨ᠎ᠠ᠃      ᠶᠠᠮᠠᠷ ᠰᠢᠤᠬᠠᠨ ᠴᠡᠷᠢᠭ ᠠᠴᠠ ᠪᠠᠭᠤᠭᠰᠠᠳ ᠨᠢ ᠬᠦᠳᠡᠭᠡ ᠳᠤᠰᠬᠤᠨ ᠤ ᠠᠬᠠᠮᠠᠳ ᠴᠡᠷᠢᠭ ᠠᠴᠠ ᠪᠠᠭᠤᠭᠰᠠᠳ ᠤᠨ ᠬᠤᠭᠤᠴᠠᠭ᠎ᠠ ᠲᠠᠢ ᠭᠡᠮᠵᠢᠶᠡᠳᠤ ᠨᠦᠬᠦᠪᠤᠷᠢ ᠶᠢ ᠬᠦᠷᠳᠡᠵᠤ ᠪᠤᠯᠬᠤ ᠪᠤᠢ︖      ᠬᠠᠷᠢᠭᠤᠯᠳᠠ᠄ 1954 ᠤᠨ ᠤ 10 ᠰᠠᠷ᠎ᠠ ᠶᠢᠨ 31 ᠤ ᠡᠳᠤᠷ ᠠᠴᠠ ᠡᠬᠢᠯᠡᠨ ᠠᠯᠪᠠᠨ ᠵᠢᠷᠤᠮ ᠤᠨ ᠴᠡᠷᠢᠭ ᠤᠨ ᠠᠯᠪᠠ ᠶᠢᠨ ᠳᠦᠷᠢᠮ ᠢ ᠳᠤᠷᠰᠢᠨ ᠭᠡᠷᠡᠭᠵᠢᠬᠦᠯᠬᠦ ᠠᠴᠠ ᠡᠮᠤᠨ᠎ᠠ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠭᠰᠠᠨ ᠠᠷᠠᠳ ᠤᠨ ᠴᠡᠷᠢᠭ ᠠᠩᠬᠢ ᠳᠤ ᠤᠷᠤᠭᠰᠠᠨ ᠪᠦᠭᠡᠳ ᠴᠡᠷᠢᠭ ᠠᠩᠬᠢ ᠠᠴᠠ ᠴᠡᠷᠢᠭ ᠠᠴᠠ ᠪᠠᠭᠤᠯᠭᠠᠬᠤ ᠭᠠᠷᠳᠠᠮ ᠬᠢᠭᠰᠡᠨ᠂ ᠦᠨᠦ ᠬᠦᠳᠡᠭᠡ ᠳᠤᠰᠬᠤᠨ ᠵᠢᠴᠢ ᠬᠤᠳᠠ ᠳᠤ ᠰᠠᠭᠤᠭ᠎ᠠ ᠠᠵᠢᠯ ᠦᠭᠡᠢ ᠴᠡᠷᠢᠭ ᠠᠴᠠ ᠪᠠᠭᠠᠤᠭᠰᠠᠳ᠂ ᠴᠡᠷᠢᠭ ᠠᠴᠠ ᠬᠠᠯᠠᠭᠳᠠᠭᠰᠠᠳ ᠲᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠭᠡᠳ ᠳᠡᠳᠡᠨ ᠤ ᠡᠷᠦᠭᠡ ᠠᠮᠠ ᠶᠢᠨ ᠳᠠᠩᠰᠠ ᠨᠢ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠳᠡᠰ ᠤᠨ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠳᠤᠭᠳᠠᠭᠰᠠᠨ ᠪᠠᠷᠢᠮᠵᠢᠶ᠎ᠠ ᠶᠤᠰᠤᠭᠠᠷ ᠬᠦᠳᠡᠭᠡ ᠳᠤᠰᠬᠤᠨ ᠳᠤ ᠪᠠᠶᠢᠭ᠎ᠠ ᠠᠬᠠᠮᠠᠳ ᠴᠡᠷᠢᠭ ᠠᠴᠠ ᠪᠠᠭᠤᠭᠰᠠᠳ ᠤᠨ ᠬᠤᠭᠤᠴᠠᠭ᠎ᠠ ᠲᠠᠢ ᠭᠡᠮᠵᠢᠶᠡᠳᠤ ᠨᠦᠬᠦᠪᠤᠷᠢ ᠶᠢ ᠤᠯᠭᠤᠵᠤ ᠪᠤᠯᠤᠨ᠎ᠠ᠃      ᠶᠠᠮᠠᠷ ᠰᠢᠤᠬᠠᠨ ᠴᠡᠷᠢᠭ ᠠᠴᠠ ᠬᠠᠯᠠᠭᠳᠠᠭᠰᠠᠳ ᠨᠢ ᠡᠪᠡᠳᠴᠢᠨ ᠢᠶᠠᠷ ᠨᠤᠳᠤᠭ ᠲᠠᠭᠠᠨ ᠬᠠᠷᠢᠭᠰᠠᠨ ᠴᠡᠷᠢᠭ ᠠᠴᠠ ᠬᠠᠯᠠᠭᠳᠠᠭᠰᠠᠳ ᠤᠨ ᠬᠤᠭᠤᠴᠠᠭ᠎ᠠ ᠲᠠᠢ ᠭᠡᠮᠵᠢᠶᠡᠳᠤ ᠨᠦᠬᠦᠪᠤᠷᠢ ᠶᠢ ᠬᠦᠷᠳᠡᠵᠤ ᠪᠤᠯᠬᠤ ᠪᠤᠢ︖      ᠬᠠᠷᠢᠭᠤᠯᠳᠠ᠄ ᠳᠤᠤᠷᠠᠬᠢ ᠨᠦᠬᠦᠴᠡᠯ ᠳᠤ ᠨᠡᠶᠢᠴᠡᠬᠦ᠋ᠢᠴᠡ ᠴᠡᠷᠢᠭ ᠠᠴᠠ ᠬᠠᠯᠠᠭᠳᠠᠭᠰᠠᠳ ᠲᠤ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠭᠡᠳ ᠳᠡᠳᠡᠨ ᠤ ᠡᠷᠦᠭᠡ ᠠᠮᠠ ᠶᠢᠨ ᠳᠠᠩᠰᠠ ᠨᠢ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠳᠡᠰ ᠤᠨ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠡᠪᠡᠳᠴᠢᠨ ᠢᠶᠠᠷ ᠨᠤᠳᠤᠭ ᠲᠠᠭᠠᠨ ᠬᠠᠷᠢᠭᠰᠠᠨ ᠴᠡᠷᠢᠭ ᠠᠴᠠ ᠬᠠᠯᠠᠭᠳᠠᠭᠰᠠᠳ ᠤᠨ ᠬᠤᠭᠤᠴᠠᠭ᠎ᠠ ᠲᠠᠢ ᠭᠡᠮᠵᠢᠶᠡᠳᠤ ᠨᠦᠬᠦᠪᠤᠷᠢ ᠶᠢ ᠤᠯᠭᠤᠨ᠎ᠠ᠄ ︵ᠨᠢᠭᠡ︶ ᠴᠡᠷᠢᠭ ᠤᠨ ᠠᠯᠪᠠ ᠬᠠᠭᠠᠵᠤ ᠪᠠᠶᠢᠭ᠎ᠠ ᠬᠤᠭᠤᠴᠠᠭᠠᠨ ᠳᠤ ᠤᠳᠠᠭᠠᠨ ᠴᠢᠨᠠᠷ ᠲᠠᠢ ᠡᠪᠡᠳᠴᠢᠨ ᠳᠤ ᠨᠡᠷᠪᠡᠭᠳᠡᠭᠡᠳ ᠠᠷᠠᠢ ᠵᠡᠮᠳᠡᠭ ᠤᠨ ᠳᠡᠰ ᠬᠢᠨᠠᠨ ᠳᠤᠭᠳᠠᠭᠠᠬᠤ ᠨᠦᠬᠦᠴᠡᠯ ᠳᠤ ᠬᠦᠷᠦᠭᠡᠳᠦᠢ ᠬᠦᠮᠦᠰ︔ ︵ᠬᠤᠶᠠᠷ︶ ᠴᠡᠷᠢᠭ ᠠᠴᠠ ᠬᠠᠯᠠᠭᠳᠠᠭᠰᠠᠨ ᠳᠠᠩᠰᠠ ᠡᠪᠭᠡᠮᠡᠯ ᠳᠤ ᠨᠢ ᠠᠩᠬᠠᠨ ᠤ ᠡᠪᠡᠳᠴᠢᠯᠡᠭᠰᠡᠨ ᠳᠡᠮᠳᠡᠭᠯᠡᠯ ᠲᠠᠢ ᠪᠤᠶᠤ ᠠᠩᠬᠠᠨ ᠤ ᠡᠮᠴᠢᠯᠡᠭᠡᠨ ᠤ ᠳᠡᠮᠳᠡᠭᠯᠡᠯ ᠲᠠᠢ ᠬᠦᠮᠦᠰ᠃      ᠶᠠᠮᠠᠷ ᠰᠢᠤᠬᠠᠨ ᠴᠡᠷᠢᠭ ᠠᠴᠠ ᠬᠠᠯᠠᠭᠳᠠᠭᠰᠠᠳ ᠨᠢ ᠳᠠᠶᠢᠨ ᠳᠤ ᠤᠷᠤᠯᠴᠠᠭᠰᠠᠨ ᠴᠡᠷᠢᠭ ᠠᠴᠠ ᠪᠠᠭᠤᠭᠰᠠᠳ ᠤᠨ ᠠᠮᠢᠳᠤᠷᠠᠯ ᠤᠨ ᠨᠦᠬᠦᠪᠤᠷᠢ ᠤᠯᠵᠤ ᠪᠤᠯᠬᠤ ᠪᠤᠢ︖      ᠬᠠᠷᠢᠭᠤᠯᠳᠠ᠄ ᠳᠤᠤᠷᠠᠬᠢ ᠨᠦᠬᠦᠴᠡᠯ ᠳᠤ ᠨᠡᠶᠢᠴᠡᠬᠦ᠋ᠢᠴᠡ ᠴᠡᠷᠢᠭ ᠠᠴᠠ ᠬᠠᠯᠠᠭᠳᠠᠭᠰᠠᠳ ᠲᠤ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠭᠡᠳ ᠳᠡᠳᠡᠨ ᠤ ᠡᠷᠦᠭᠡ ᠠᠮᠠ ᠶᠢᠨ ᠳᠠᠩᠰᠠ ᠨᠢ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠳᠡᠰ ᠤᠨ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠳᠠᠶᠢᠨ ᠳᠤ ᠤᠷᠤᠯᠴᠠᠭᠰᠠᠨ ᠭᠡᠰᠡᠭ ᠪᠦᠯᠦᠭ ᠴᠡᠷᠢᠭ ᠠᠴᠠ ᠪᠠᠭᠤᠭᠰᠠᠳ ᠤᠨ ᠠᠮᠢᠳᠤᠷᠠᠯ ᠤᠨ ᠨᠦᠬᠦᠪᠤᠷᠢ ᠤᠯᠭᠤᠨ᠎ᠠ᠄ ︵ᠨᠢᠭᠡ︶ 1954 ᠤᠨ ᠤ 11 ᠰᠠᠷ᠎ᠠ ᠶᠢᠨ 1 ᠠᠴᠠ ᠬᠤᠶᠢᠨ᠎ᠠ ᠴᠡᠷᠢᠭ ᠲᠤ ᠤᠷᠤᠭᠰᠠᠳ︔ ︵ᠬᠤᠶᠠᠷ︶ ᠴᠡᠷᠢᠭ ᠠᠴᠠ ᠬᠠᠯᠠᠭᠳᠠᠵᠤ ᠬᠦᠳᠡᠭᠡ ᠳᠤᠰᠬᠤᠨ ᠮᠠᠯᠵᠢᠬᠤ ᠤᠷᠤᠨ ᠳᠤ ᠬᠠᠷᠢᠭᠰᠠᠨ ᠪᠤᠶᠤ ᠭᠡᠳᠦ᠋ᠢᠪᠡᠷ ᠴᠡᠷᠢᠭ ᠠᠴᠠ ᠬᠠᠯᠠᠭᠳᠠᠭᠠᠳ ᠬᠤᠳᠠ ᠪᠠᠯᠭᠠᠰᠤᠨ ᠳᠤ ᠬᠠᠷᠢᠭᠰᠠᠨ ᠪᠤᠯᠪᠠᠴᠤ᠂ ᠠᠵᠢᠯᠯᠠᠬᠤ ᠨᠢᠭᠡᠴᠡ ᠦᠭᠡᠢ ᠮᠦᠷᠳᠡᠭᠡᠨ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠬᠦᠮᠦᠰ︔ ︵ᠭᠤᠷᠪᠠ︶ ᠭᠠᠳᠠᠭᠠᠳᠤ ᠶᠢᠨ ᠳᠦᠷᠢᠮᠡᠭᠡᠶᠢᠯᠡᠯ ᠢ ᠡᠰᠡᠷᠬᠦᠴᠡᠨ᠂ ᠡᠭᠡ ᠤᠯᠤᠰ ᠤᠨ ᠨᠢᠭᠡᠳᠤᠯ ᠢ ᠪᠡᠶᠡᠯᠡᠬᠦᠯᠵᠤ᠂ ᠤᠯᠤᠰ ᠤᠨ ᠨᠤᠳᠤᠭ ᠳᠡᠪᠢᠰᠭᠡᠷ ᠪᠤᠯᠤᠨ ᠡᠷᠭᠡ ᠮᠡᠳᠡᠯ ᠤᠨ ᠪᠦᠷᠢᠨ ᠪᠦᠳᠦᠨ ᠬᠠᠮᠠᠭᠠᠠᠯᠨᠨ᠂ ᠤᠯᠤᠰ ᠤᠨ ᠠᠮᠤᠷ ᠳᠦᠪᠰᠢᠨ ᠢ ᠬᠠᠮᠠᠭᠠᠯᠠᠬᠤ ᠶᠢᠨ ᠳᠤᠰᠠᠳᠠ ᠳᠤ ᠬᠢᠭᠰᠡᠨ ᠵᠡᠪᠰᠡᠭᠳᠤ ᠬᠦᠴᠤᠨ ᠤ ᠴᠤᠬᠢᠯᠳᠠ ᠪᠤᠶᠤ ᠳᠠᠶᠢᠰᠤᠨ ᠢ ᠡᠰᠡᠷᠬᠦᠴᠡᠬᠦ ᠴᠡᠷᠢᠭ ᠤᠨ ᠶᠠᠪᠤᠳᠠᠯ ᠤᠨ ᠠᠵᠢᠯᠯᠠᠭ᠎ᠠ ᠳᠤ ᠤᠷᠤᠯᠴᠠᠭᠰᠠᠳ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号