ᠨᠢᠭᠡ᠂ ᠨᠡᠶᠢᠲᠡᠯᠡᠭᠰᠡᠨ ᠠᠬᠤᠶ ᠪᠠᠶᠢᠳᠠᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠨᠢᠯᠬᠠᠰ ᠤᠨ ᠡᠷᠡᠭᠦᠯ ᠮᠡᠨᠳᠦ ᠶᠢ | ᠬᠠᠮᠠᠭᠠᠯᠠᠬᠤ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ | ᠡᠷᠡᠭᠦᠯ ᠮᠡᠨᠳᠦ ᠶᠢ ᠠᠬᠢᠭᠤᠯᠬᠤ ᠬᠠᠤᠯᠢ︾ ᠵᠢᠴᠢ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵ | 2019-2030︶︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠡᠷᠡᠭᠦᠯ ᠡᠩᠬᠡ ᠥᠪᠥᠷ ᠮᠣᠩᠭᠤᠯ ᠤᠨ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠭᠦᠨᠵᠡᠭᠡᠶ ᠬᠡᠷᠡᠭᠵᠢᠭᠦᠯᠬᠦ ᠶᠢ ᠠᠭᠢᠭᠤᠯᠤᠨ᠂ ᠡᠮᠡᠭᠲᠡᠶᠢᠴᠦᠳ | ᠬᠡᠦᠬᠡᠳ ᠤᠨ ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ ᠡᠷᠡᠭᠦᠯ ᠮᠡᠨᠳᠦ ᠶᠢᠨ ᠬᠡᠷᠡᠭᠴᠡᠭᠡ ᠶᠢ ᠲᠠᠰᠤᠷᠠᠯᠲᠠ | ᠦᠭᠡᠢ ᠬᠠᠩᠭᠠᠵᠤ᠂ ᠪᠦᠬᠦ ᠣᠷᠣᠨ ᠤ ᠡᠮᠡᠭᠲᠡᠶᠢᠴᠦᠳ ᠬᠡᠦᠬᠡᠳ ᠤᠨ ᠡᠷᠡᠭᠦᠯ ᠴᠢᠭᠢᠷᠠᠭ ᠤᠨ ᠬᠢᠷᠢ ᠬᠡᠮᠵᠢᠶ᠎ᠡ ᠶᠢ | ᠦᠨᠡᠨ ᠬᠦ ᠳᠡᠭᠡᠭᠰᠢᠯᠡᠬᠦᠯᠬᠦ ᠶᠢᠨ ᠲᠤᠯᠠᠳᠠ᠂ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ︽ | ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠳᠣᠷᠣᠭᠰᠢ ︽ᠰᠠᠨᠠᠯ︾ ᠭᠡᠵᠦ | ᠲᠣᠪᠴᠢᠯᠠᠨ᠎ᠠ︶ ᠢ ᠲᠣᠭᠲᠠᠭᠠᠵᠤ ᠨᠡᠶᠢᠲᠡᠯᠡᠪᠡ᠃ | ᠬᠤᠶᠠᠷ᠂ ︽ᠰᠠᠨᠠᠯ︾ ᠢ ᠲᠣᠭᠲᠠᠭᠠᠭᠰᠠᠨ ᠴᠢᠬᠤᠯᠠ ᠴᠢᠨᠠᠷ | ᠶᠡᠷᠦᠩᠬᠡᠶ ᠱᠦᠵᠢ ᠰᠢ ᠶᠢᠨ ᠫᠢᠩ ᠪᠥᠬᠦ ᠤᠯᠤᠰ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠶᠡᠭᠡ | ᠬᠤᠷᠠᠯ ᠳᠡᠭᠡᠷ᠎ᠡ᠄ ︽ᠡᠬᠡ ᠨᠢᠯᠬᠠᠰ ᠤᠨ ᠡᠷᠡᠭᠦᠯ ᠮᠡᠨᠳᠦ ᠶᠢ ᠪᠠᠲᠤᠯᠠᠵᠤ᠂ ᠦᠢᠯᠡᠴᠢᠯᠡᠭᠡᠨ ᠤ ᠡᠬᠢ ᠪᠠᠶᠠᠯᠢᠭ ᠢ ᠵᠦᠶ | ᠵᠣᠬᠢᠰᠲᠠᠶ ᠲᠣᠬᠢᠷᠠᠭᠤᠯᠵᠤ᠂ ᠬᠥᠩᠭᠡᠵᠢᠯᠲᠡ ᠶᠢᠨ ᠭᠠᠵᠠᠷ᠂ ᠬᠡᠦᠬᠡᠳ ᠰᠠᠭᠠᠲᠠᠭᠤᠯᠬᠤ ᠵᠡᠷᠭᠡ ᠡᠷᠡᠭᠦᠯ ᠮᠡᠨᠳᠦ ᠶᠢᠨ | ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠴᠢᠭᠢᠷᠠᠭ ᠳᠦᠷᠦᠵᠦ ᠲᠣᠷᠨᠢᠭᠤᠨ ᠥᠰᠬᠡᠬᠦ ᠶᠢ ᠰᠠᠨᠠᠭᠠᠴᠢᠯᠠᠵᠤ᠂ | ᠵᠡᠷᠡᠮᠳᠡᠭ ᠲᠦᠷᠦᠭᠦ᠂ ᠰᠢᠮ᠎ᠡ ᠲᠡᠵᠢᠭᠡᠯ ᠤᠨ ᠴᠢᠨᠠᠷᠲᠠᠶ ᠡᠪᠡᠳᠴᠢᠨ ᠡᠮᠭᠡᠭ᠂ ᠬᠦᠨᠳᠦ ᠲᠦᠭᠰᠢᠭᠦᠷᠢᠲᠡᠶ ᠡᠪᠡᠳᠴᠢᠨ | ᠵᠡᠷᠭᠡ ᠡᠮᠡᠭᠲᠡᠶᠢᠴᠦᠳ ᠪᠠ ᠨᠢᠯᠬ᠎ᠠ ᠬᠡᠦᠬᠡᠳ ᠤᠨ ᠡᠷᠡᠭᠦᠯ ᠮᠡᠨᠳᠦ ᠶᠢ ᠰᠦᠷᠳᠡᠭᠦᠯᠵᠦ ᠪᠠᠶᠢᠭ᠎ᠠ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠲᠣᠪᠤᠶᠢᠮ᠎ᠠ ᠠᠰᠠᠭᠤᠳᠠᠯ ᠤᠳ ᠢ ᠰᠠᠶᠢᠲᠤᠷ ᠰᠢᠶ᠋ᠳᠪᠦᠷᠢᠯᠡᠵᠦ᠂ ᠬᠥᠳᠡᠭᠡ ᠲᠣᠰᠬᠤᠨ ᠤ ︿ | ᠬᠤᠶᠠᠷ ᠥᠮᠡᠨ﹀ ᠢ ᠰᠢᠭᠰᠢᠨ ᠪᠠᠶᠢᠴᠠᠭᠠᠬᠤ ᠶᠢ ᠰᠠᠶᠢᠲᠤᠷ ᠬᠡᠷᠡᠭᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ | ᠪᠠᠲᠤᠯᠠᠭ᠎ᠠ ᠶᠢᠨ ᠲᠣᠤᠷ ᠢ ᠪᠠᠲᠤ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃ ᠶᠡᠷᠦᠩᠬᠡᠶ ᠰᠠᠶᠢᠳ ᠯᠢ ᠺᠧ | ᠴᠢᠶᠠᠩ ᠪᠥᠬᠦ ᠤᠯᠤᠰ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠳᠡᠭᠡᠷ᠎ᠡ᠂ ᠡᠮᠡᠭᠲᠡᠶᠢᠴᠦᠳ | ᠬᠡᠦᠬᠡᠳ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠲᠡᠩᠴᠡᠭᠦᠷᠢ ᠥᠬᠡᠶ ᠠᠰᠠᠭᠤᠳᠠᠯ ᠢ ᠨᠠᠩ ᠬᠦᠴᠦᠲᠡᠶ | ᠠᠷᠭ᠎ᠠ ᠬᠡᠮᠵᠢᠶ᠎ᠡ ᠪᠠᠷ ᠰᠢᠢᠳᠪᠦᠷᠢᠯᠡᠬᠦ ᠶᠢ ᠠᠬᠢᠭᠤᠯᠵᠤ᠂ ᠡᠮᠡᠭᠲᠡᠶᠢᠴᠦᠳ ᠬᠡᠦᠬᠡᠳ ᠤᠨ ᠦᠢᠯᠡᠰ ᠪᠣᠯᠤᠨ ᠠᠵᠤ | ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠨᠠᠩ ᠥᠨᠳᠥᠷ ᠲᠦᠪᠰᠢᠨ ᠳᠤ ᠠᠬᠢᠭᠤᠯᠬᠤ ᠬᠡᠷᠡᠭᠲᠡᠶ ᠭᠡᠵᠦ | ᠵᠢᠭᠠᠵᠤ ᠭᠠᠷᠭᠠᠭᠰᠠᠨ ᠪᠠᠶᠢᠨ᠎ᠠ᠃ 2020 ᠣᠨ ᠤ 6 ᠳ᠋ᠤᠭᠠᠷ ᠰᠠᠷ᠎ᠠ ᠶᠢᠨ 1 ᠤ ᠡᠳᠦᠷ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠡᠮᠨᠡᠯᠭᠡ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯ | ᠮᠡᠨᠳᠦ ᠶᠢ ᠠᠬᠢᠭᠤᠯᠬᠤ ᠬᠠᠤᠯᠢ︾ ᠶᠢ ᠨᠡᠶᠢᠲᠡᠯᠡᠨ ᠬᠡᠷᠡᠭᠵᠢᠭᠦᠯᠵᠦ᠂ ︽ᠤᠯᠤᠰ ᠠᠴᠠ ᠡᠬᠡ ᠨᠢᠯᠬᠠᠰ ᠤᠨ ᠡᠷᠡᠭᠦᠯ | ᠮᠡᠨᠳᠦ ᠶᠢ ᠬᠠᠮᠠᠭᠠᠯᠠᠬᠤ ᠦᠢᠯᠡᠰ ᠢ ᠬᠥᠭᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠡᠭᠲᠡᠶᠢᠴᠦᠳ᠂ ᠬᠡᠦᠬᠡᠳ ᠲᠤ ᠡᠷᠡᠭᠦᠯ ᠮᠡᠨᠳᠦ ᠶᠢ | ᠬᠠᠮᠠᠭᠠᠯᠠᠬᠤ ᠵᠢᠴᠢ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠡᠷᠭᠡᠶᠢᠯᠡᠨ ᠵᠠᠰᠠᠬᠤ ᠦᠢᠯᠡᠴᠢᠯᠡᠭᠡ ᠬᠠᠩᠭᠠᠵᠤ᠂ | ᠡᠮᠡᠭᠲᠡᠶᠢᠴᠦᠳ᠂ ᠬᠡᠦᠬᠡᠳ ᠤᠨ ᠡᠷᠡᠭᠦᠯ ᠮᠡᠨᠳᠦ ᠶᠢ ᠪᠠᠲᠤᠯᠠᠨ᠎ᠠ︾ ᠭᠡᠵᠦ ᠲᠣᠳᠤᠷᠬᠠᠢ ᠲᠣᠭᠲᠠᠭᠠᠭᠰᠠᠨ ᠪᠠᠶᠢᠨ᠎ᠠ᠃ | ︽ᠡᠷᠡᠭᠦᠯ ᠡᠩᠬᠡ ᠳᠤᠮᠳᠠᠳᠤ ᠤᠯᠤᠰ ᠤᠨ 2030 ᠣᠨ ᠤ ᠲᠥᠯᠥᠪᠵᠢᠭᠦᠯᠭᠡ ᠶᠢᠨ ᠬᠥᠲᠥᠯᠪᠦᠷᠢ︾᠂ ︽ᠡᠷᠡᠭᠦᠯ | ᠡᠩᠬᠡ ᠳᠤᠮᠳᠠᠳᠤ ᠤᠯᠤᠰ ᠤᠨ ᠠᠵᠢᠯᠯᠠᠭ᠎ᠠ ︵2019-2030︶︾ ᠪᠠ ︽︿ᠡᠷᠡᠭᠦᠯ ᠡᠩᠬᠡ ᠥᠪᠥᠷ ᠮᠣᠩᠭᠤᠯ | 2030﹀ ᠶᠢᠨ ᠬᠡᠷᠡᠭᠵᠢᠭᠦᠯᠬᠦ ᠲᠥᠰᠦᠯ︾᠂ ︽ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢᠨ | ᠬᠡᠷᠡᠭᠵᠢᠭᠦᠯᠬᠦ ᠲᠥᠰᠦᠯ︾ ᠨᠢ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ | ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠳᠤ ᠴᠥᠮ ᠰᠢᠨ᠎ᠡ ᠪᠠᠷ ᠪᠣᠳᠠᠲᠠᠶ ᠱᠠᠭᠠᠷᠳᠠᠯᠭ᠎ᠠ ᠳᠤᠷᠠᠳᠴᠠᠢ᠃ | ᠭᠤᠷᠪᠠ᠂ ︽ᠰᠠᠨᠠᠯ︾ ᠤᠨ ᠭᠤᠤᠯ ᠠᠭᠤᠯᠭ᠎ᠠ | ︽ᠰᠠᠨᠠᠯ︾ ᠳᠤ 7 ᠬᠡᠰᠡᠭ ᠠᠭᠤᠯᠭ᠎ᠠ ᠪᠠᠭᠲᠠᠨ᠎ᠠ᠄ | ᠨᠢᠭᠡ ᠳᠤ᠂ ᠶᠡᠷᠦᠩᠬᠡᠶ ᠱᠠᠭᠠᠷᠳᠠᠯᠭ᠎ᠠ᠃ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ | ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ | ︵ᠬᠤᠲᠠ᠂ ᠲᠣᠭᠤᠷᠢᠭ︶ ᠭᠤᠷᠪᠠᠨ ᠱᠠᠲᠤᠨ ᠳᠤ ᠴᠥᠮ ᠨᠢᠭᠡ ᠪᠠᠷᠢᠮᠵᠢᠶᠠᠵᠢᠭᠰᠠᠨ ᠡᠬᠡ ᠨᠢᠯᠬᠠᠰ ᠤᠨ | ᠡᠷᠡᠭᠦᠯᠵᠢᠯ ᠤᠨ ᠪᠠᠶᠢᠭᠤᠯᠤᠮᠵᠢ ᠶᠢ ᠪᠠᠶᠢᠭᠤᠯᠬᠤ ᠪᠠᠷ ᠴᠢᠷᠮᠠᠶᠢᠨ᠎ᠠ᠃ | ᠬᠤᠶᠠᠷ ᠲᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ | ᠲᠡᠭᠦᠯᠳᠡᠷᠵᠢᠭᠦᠯᠦᠨ᠎ᠡ᠃ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠪᠠᠷᠢᠮᠵᠢᠶᠠᠵᠢᠭᠰᠠᠨ ᠪᠦᠲᠦᠭᠡᠨ | ᠪᠠᠶᠢᠭᠤᠯᠤᠯᠲᠠ᠂ ᠲᠤᠰᠬᠠᠢ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ᠂ ᠦᠢᠯᠡᠴᠢᠯᠡᠭᠡᠨ ᠤ ᠲᠣᠣᠷ ᠤᠨ | ᠰᠠᠭᠤᠷᠢ ᠶᠢᠨ ᠪᠦᠲᠦᠭᠡᠨ ᠪᠠᠶᠢᠭᠤᠯᠤᠯᠲᠠ ᠵᠡᠷᠭᠡ ᠳᠦᠷᠪᠡᠨ ᠲᠠᠯ᠎ᠠ ᠪᠠᠷ ᠪᠦᠲᠦᠭᠡᠨ ᠪᠠᠶᠢᠭᠤᠯᠤᠯᠲᠠ ᠶᠢᠨ | ᠭᠤᠣᠯᠳᠠᠯᠭ᠎ᠠ ᠶᠢ ᠲᠣᠳᠣᠷᠬᠠᠶᠢᠯᠠᠪᠠ᠃ | ᠭᠤᠷᠪᠠ ᠳᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠶᠡᠬᠡᠪᠡᠷ | ᠴᠢᠩᠭᠠᠳᠬᠠᠨ᠎ᠠ᠃ ᠴᠢᠳᠠᠪᠤᠷᠢᠲᠠᠳ ᠢ ᠬᠥᠮᠦᠵᠢᠭᠦᠯᠬᠦ᠂ ᠴᠢᠳᠠᠪᠤᠷᠢᠲᠠᠳ ᠤᠷᠢᠨ ᠵᠠᠯᠠᠬᠤ ᠶᠢ ᠴᠢᠩᠭᠠᠳᠬᠠᠬᠤ᠂ ᠴᠠᠯᠢᠩ | ᠬᠥᠯᠥᠰᠥ ᠶᠢᠨ ᠤᠷᠮᠠᠰᠢᠭᠤᠯᠤᠯ ᠢ ᠴᠢᠩᠭᠠᠳᠬᠠᠬᠤ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ | ᠳᠤᠷᠠᠳᠪᠠ᠃ | ᠳᠥᠷᠪᠡ ᠳᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ | ᠳᠡᠭᠡᠭᠰᠢᠯᠡᠭᠦᠯᠦᠨ᠎ᠡ᠃ ᠭᠤᠣᠯᠳᠠᠭᠤ ᠬᠦᠨᠳᠦ ᠡᠪᠡᠳᠴᠢᠲᠡᠨ ᠢ ᠡᠮᠨᠡᠨ ᠠᠪᠤᠷᠠᠬᠤ᠂ ᠡᠬᠡ ᠨᠢᠯᠬᠠᠰ ᠤᠨ ᠡᠮᠴᠢᠯᠡᠭᠡᠨ ᠤ | ᠦᠢᠯᠡᠴᠢᠯᠡᠭᠡ᠂ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡ᠂ ᠡᠮᠡᠭᠲᠡᠶᠢᠴᠦᠳ ᠬᠡᠦᠬᠡᠳ ᠤᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ᠂ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠬᠡ ᠨᠢᠯᠬᠠᠰ ᠤᠨ ᠡᠷᠡᠭᠦᠯ ᠮᠡᠨᠳᠦ ᠳᠤ ᠦᠢᠯᠡᠴᠢᠯᠡᠬᠦ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠣᠭᠤᠷᠢᠨ ᠳᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠲᠠᠪᠤ ᠳᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠦᠪᠰᠢᠨ ᠢ ᠴᠢᠩᠭᠠᠳᠬᠠᠨ᠎ᠠ | ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ᠂ ᠡᠮᠴᠢᠯᠡᠭᠡᠨ ᠤ ᠶᠠᠰᠤ | ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ᠂ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ᠂ ᠴᠢᠨᠠᠷ ᠰᠠᠶᠢᠲᠠᠶ ᠦᠢᠯᠡᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠵᠡᠷᠭᠡ ᠲᠠᠯ᠎ᠠ ᠪᠠᠷ | ᠲᠣᠳᠣᠷᠬᠠᠶᠢᠯᠠᠵᠤ ᠨᠠᠷᠢᠯᠢᠬᠵᠢᠭᠤᠯᠪᠠ᠃ ᠵᠢᠷᠭᠤᠭ᠎ᠠ ᠳᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ | ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢᠨ ᠥᠭᠡᠷᠡᠴᠢᠯᠡᠯᠲᠡ ᠰᠢᠨᠡᠴᠢᠯᠡᠯᠲᠡ ᠶᠢ ᠢᠳᠡᠪᠬᠢᠲᠡᠶ ᠠᠬᠢᠭᠤᠯᠤᠨ᠎ᠠ | ᠃ ᠡᠮᠴᠢᠯᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠮᠳᠠ ᠪᠠᠶᠢᠭᠤᠯᠤᠮᠵᠢ | ᠲᠣᠭᠲᠠᠴᠠ ᠶᠢᠨ ᠰᠢᠨ᠎ᠡ ᠶᠢ ᠡᠭᠦᠳᠬᠦ ᠶᠢ ᠬᠡᠷᠬᠢᠨ ᠠᠬᠢᠭᠤᠯᠬᠤ ᠪᠠ ᠠᠵᠢᠯ ᠤᠨ ᠤᠷᠮᠠᠰᠢᠭᠤᠯᠬᠤ ᠲᠣᠭᠲᠠᠴᠠ ᠶᠢ | ᠪᠠᠶᠢᠭᠤᠯᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ᠳᠣᠯᠤᠭ᠎ᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠢᠨᠠᠯᠲᠠ ᠲᠠᠯᠪᠢᠬᠤ ᠰᠢᠯᠭᠠᠨ ᠬᠢᠨᠠᠬᠤ ᠶᠢ ᠴᠢᠩᠭᠠᠳᠬᠠᠬᠤ᠂ ᠰᠠᠯᠠᠭ᠎ᠠ | ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ ᠭᠤᠷᠪᠠᠨ ᠲᠠᠯ᠎ᠠ ᠪᠠᠷ ᠡᠯ᠎ᠡ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠤᠨ ᠭᠤᠤᠯ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠡᠬᠡ | ᠨᠢᠯᠬᠠᠰ ᠤᠨ ᠡᠷᠡᠭᠦᠯ ᠮᠡᠨᠳᠦ ᠶᠢᠨ ᠦᠢᠡᠯᠰ ᠪᠣᠯ ᠠᠷᠠᠳ ᠤᠨ ᠠᠮᠢᠳᠤᠷᠠᠯ ᠤᠨ ᠴᠢᠬᠤᠯᠠ ᠶᠡᠭᠡ ᠦᠶ᠋ᠯᠡᠰ ᠶᠤᠮ᠂ ᠡᠬᠡ | ᠨᠢᠯᠬᠠᠰ ᠤᠨ ᠡᠷᠡᠭᠦᠯ ᠮᠡᠨᠳᠦ ᠨᠢ ᠪᠥᠬᠦ ᠣᠷᠣᠨ ᠤ ᠭᠤᠷᠪᠠᠨ ᠤ ᠬᠤᠶᠠᠷ ᠠᠴᠠ ᠳᠡᠭᠡᠭᠰᠢᠬᠢ ᠣᠯᠠᠨ ᠲᠦᠮᠡᠨ ᠲᠠᠢ | ᠬᠤᠯᠪᠤᠭᠳᠠᠬᠤ ᠲᠤᠯᠠ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠨᠢᠭᠡᠳᠦᠯᠲᠡᠶ | ᠲᠥᠯᠥᠪᠵᠢᠭᠦᠯᠦᠨ᠂ ᠠᠵᠢᠯ ᠬᠤᠪᠢᠶᠠᠷᠢᠯᠠᠨ ᠬᠠᠮᠵᠢᠯᠴᠠᠵᠤ᠂ ᠳᠡᠭᠡᠳᠦ ᠬᠡᠮᠵᠢᠶ᠎ᠡ ᠪᠠᠷ ᠠᠬᠢᠭᠤᠯᠬᠤ ᠴᠢᠬᠤᠯᠠ ᠲᠠᠢ | ᠪᠠᠶᠢᠨ᠎ᠠ᠃ | |