ᠲᠢᠲᠢᠮ ᠰᠤᠳᠠᠯ ᠤᠨ ᠤᠳᠤᠷᠢᠳᠤᠮᠵᠢ ᠶᠢᠨ ᠰᠢᠷᠬᠡᠭ ᠢ ᠲᠥᠪᠯᠡᠷᠡᠩᠭᠦᠶ ᠬᠡᠮᠵᠢᠶ᠎ᠡ ᠲᠠᠢ ᠬᠤᠳᠠᠯᠳᠤᠨ ᠠᠪᠬᠤ ᠲᠤᠬᠠᠢ ᠮᠤᠵᠢ ᠶᠢᠨ ᠬᠤᠭᠤᠷᠣᠨᠳᠣᠬᠢ ᠬᠤᠯᠪᠤᠭ᠎ᠠ ᠶᠢᠨ ᠬᠤᠳᠠᠯᠳᠤᠨ ᠠᠪᠬᠤ ᠠᠯᠪᠠᠨ ᠭᠡᠷ ᠤᠨ ᠪᠢᠴᠢᠭ ᠮᠠᠲ᠋ᠧᠷᠢᠶᠠᠯ ︵SJLM-14-HC2021-1︶ ᠤᠨ ᠨᠡᠶᠢᠳᠡᠯᠡᠯ
ᠨᠡᠶᠢᠲᠡᠯᠡᠭᠰᠡᠨ ᠴᠠᠭ᠄
2021/7/19
ᠡᠯ᠎ᠡ ᠬᠠᠮᠢᠶ᠎ᠠ ᠪᠥᠬᠦᠶ ᠠᠵᠤ ᠠᠬᠤᠶᠢᠯᠠᠯ᠄      ︽ᠡᠮ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ  ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠵᠠᠰᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2019﹈ 37 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠢᠲᠢᠮ ᠰᠤᠳᠠᠯ ᠤᠨ ᠲᠤᠯᠤᠭᠠᠰᠦ ᠶᠢᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠢ ᠬᠠᠮᠵᠢᠯᠴᠠᠨ ᠰᠠᠶᠢᠲᠤᠷ ᠬᠢᠬᠦ ᠶᠢᠨ ᠲᠥᠯᠥᠭᠡ᠂ ︽ᠨᠠᠢᠮᠠᠨ ᠮᠤᠵᠢ ᠬᠤᠶᠠᠷ ᠣᠷᠣᠨ︾ ᠤ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ ᠱᠠᠨ ᠰᠢ ᠮᠤᠵᠢ᠂ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ᠂ ᠬᠠᠶᠢᠨᠠᠨ ᠮᠤᠵᠢ᠂ ᠭᠦᠢᠵᠧᠦ ᠮᠤᠵᠢ᠂ ᠲᠥᠪᠡᠳ ᠤᠨ ᠥᠪᠡᠷᠲᠡᠭᠡᠨ ᠵᠠᠰᠠᠬᠤ ᠣᠷᠣᠨ᠂ ᠭᠠᠨᠰᠦ ᠮᠤᠵᠢ᠂ ᠬᠥᠬᠡᠨᠠᠭᠤᠷ ᠮᠤᠵᠢ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠡᠷᠭᠡ ᠮᠤᠵᠢ ︵ᠣᠷᠣᠨ᠂ ᠪᠢᠩᠲ᠋ᠤᠸᠠᠨ︶ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠶᠢᠳᠠᠯᠭ᠎ᠠ ᠪᠠᠷ᠂ ︽ᠨᠠᠶ᠋ᠮᠠᠨ ᠮᠤᠵᠢ ᠬᠤᠶᠠᠷ ᠣᠷᠣᠨ︾ ᠵᠢᠴᠢ ᠬᠡᠰᠡᠭ ᠮᠤᠵᠢ ᠣᠷᠣᠨ ᠤ ᠬᠢᠨ ᠲᠢᠲᠢᠮ ᠰᠤᠳᠠᠯ ᠤᠨ ᠲᠤᠯᠤᠭᠠᠰᠦ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠮᠤᠵᠢ ᠶᠢᠨ ᠬᠤᠭᠤᠷᠣᠨᠳᠣᠬᠢ ᠬᠤᠯᠪᠤᠭ᠎ᠠ ᠶᠢᠨ ᠬᠤᠳᠠᠯᠳᠤᠨ ᠠᠪᠬᠤ ᠠᠯᠪᠠᠨ ᠬᠡᠷ︵ᠳᠥᠭᠦᠮᠴᠢᠯᠡᠭᠡᠳ ︽ᠮᠤᠵᠢ ᠶᠢᠨ ᠬᠤᠭᠤᠷᠣᠨᠳᠣᠬᠢ ᠬᠤᠯᠪᠤᠭ᠎ᠠ ᠶᠢᠨ ᠬᠤᠳᠠᠯᠳᠤᠨ ᠠᠪᠬᠤ ᠠᠯᠪᠠᠨ ᠬᠡᠷ︾ ᠭᠡᠳᠡᠭ︶ ᠢ ᠪᠠᠶᠢᠭᠤᠯᠵᠤ᠂ ᠲᠢᠲᠢᠮ ᠰᠤᠳᠠᠯ ᠤᠨ ᠲᠤᠯᠤᠭᠠᠰᠤ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠪᠣᠳᠠᠲᠠᠶ ᠪᠠᠷ ᠬᠡᠷᠡᠭᠵᠢᠭᠦᠯᠬᠦ ᠶᠢ ᠬᠠᠷᠢᠭᠤᠴᠠᠨ᠎ᠠ᠃      ᠣᠲᠣ ︽ᠮᠤᠵᠢ ᠶᠢᠨ ᠬᠤᠭᠤᠷᠣᠨᠳᠣᠬᠢ ᠬᠤᠯᠪᠤᠭ᠎ᠠ ᠶᠢᠨ ᠲᠢᠲᠢᠮ ᠰᠤᠳᠠᠯ ᠤᠨ ᠲᠤᠯᠤᠭᠠᠰᠤ ᠲᠥᠪᠯᠡᠷᠡᠩᠭᠦᠶ ᠬᠡᠮᠵᠢᠶ᠎ᠡ ᠪᠠᠷ ᠬᠤᠳᠠᠯᠳᠤᠨ ᠠᠪᠬᠤ ᠪᠢᠴᠢᠭ ᠮᠠᠲ᠋ᠧᠷᠢᠶᠠᠯ ︵SJLM-14-HC2021-1︶︾ ᠢ ᠨᠡᠶᠢᠲᠡᠯᠡᠪᠡ᠂ ᠱᠠᠭᠠᠷᠳᠠᠯᠭ᠎ᠠ ᠳᠤ ᠨᠡᠶᠢᠴᠡᠭᠰᠡᠨ ᠠᠵᠤ ᠠᠬᠤᠶᠢᠯᠠᠯ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃                            ᠮᠤᠵᠢ ᠶᠢᠨ ᠬᠤᠭᠤᠷᠣᠨᠳᠣᠬᠢ ᠬᠤᠯᠪᠤᠭ᠎ᠠ ᠶᠢᠨ ᠬᠤᠳᠠᠯᠳᠤᠨ ᠠᠪᠬᠤ ᠠᠯᠪᠠᠨ ᠭᠡᠷ                                 2021 ᠣᠨ ᠤ 6 ᠳ᠋ᠤᠭᠠᠷ ᠰᠠᠷ᠎ᠠ ᠶᠢᠨ 25 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号