ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠲᠥᠪᠯᠡᠷᠡᠭᠦᠯᠦᠨ ᠰᠦᠯᠵᠢᠶᠡᠨ ᠳᠤ ᠭᠠᠷᠭᠠᠬᠤ ᠠᠵᠢᠯ ᠤᠨ ᠬᠤᠶᠠᠳᠤᠭᠠᠷ ᠤᠯᠠᠷᠢᠯ ᠤᠨ ᠬᠢᠨᠠᠨ ᠬᠠᠷᠭᠤᠭᠤᠯᠤᠭᠰᠠᠨ ᠦᠷ᠎ᠡ ᠳ᠋ᠦᠩ ︵ᠬᠤᠶᠠᠳᠤᠭᠠᠷ ᠪᠦᠯᠦᠭ︶ ᠢ ᠢᠯᠡ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/7/28
               ᠥᠪᠥᠷ ᠡᠮ ᠴᠤᠭᠯᠠᠭᠤᠯᠬᠤ ᠲᠥᠪ ᠦᠰᠦᠭ ﹇2021﹈ 137 ᠳ᠋ᠤᠭᠠᠷ ᠲᠣᠭᠠᠲᠤ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠲᠥᠪᠯᠡᠷᠡᠭᠦᠯᠦᠨ ᠰᠦᠯᠵᠢᠶᠡᠨ ᠳᠤ ᠭᠠᠷᠭᠠᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠲᠥᠪᠯᠡᠷᠡᠭᠦᠯᠦᠨ ᠰᠦᠯᠵᠢᠶᠡᠨ ᠳᠤ ᠭᠠᠷᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠡᠮ ᠴᠤᠭᠯᠠᠭᠤᠯᠬᠤ ᠲᠥᠪ ︹ 2021 ︺ 86 ᠳ᠋ᠤᠭᠠᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠪᠦᠯᠦᠭ ᠬᠤᠪᠢᠶᠠᠨ ᠢᠯᠡ ᠨᠡᠶᠢᠲᠡᠯᠡᠬᠦ ᠵᠠᠷᠴᠢᠮ ᠶᠣᠰᠣᠭᠠᠷ᠂ ᠡᠳᠦᠭᠡ ᠬᠤᠶᠠᠳᠤᠭᠠᠷ ᠪᠦᠯᠦᠭ ᠤᠨ ᠡᠮ ᠤᠨ ᠵᠦᠢᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂ ᠢᠯᠡ ᠨᠡᠶᠢᠲᠡᠯᠡᠬᠦ ᠠᠭᠤᠯᠭ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠲᠥᠪᠯᠡᠷᠡᠭᠦᠯᠦᠨ ᠰᠦᠯᠵᠢᠶᠡᠨ ᠳᠤ ᠭᠠᠷᠭᠠᠬᠤ ᠠᠵᠢᠯ ᠤᠨ ᠰᠢᠨ᠎ᠡ ᠪᠠᠷ ᠮᠡᠳᠡᠭᠦᠯᠦᠭᠰᠡᠨ ᠬᠤᠶᠠᠳᠤᠭᠠᠷ ᠪᠦᠯᠦᠭ ᠤᠨ ᠬᠢᠨᠠᠨ ᠬᠠᠷᠭᠤᠭᠤᠯᠤᠭᠰᠠᠨ ᠡᠮ ᠤᠨ ᠵᠦᠢᠯ ᠤᠨ ᠮᠡᠳᠡᠭᠡ ᠵᠠᠩᠭᠢ ᠳᠤ ᠣᠷᠣᠯᠴᠠᠨ᠎ᠠ᠃      ᠬᠤᠶᠠᠷ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠯᠠᠪᠯᠠᠬᠤ      ᠡᠯ᠎ᠡ ᠭᠤᠶᠤᠴᠢᠯᠠᠨ ᠮᠡᠳᠡᠭᠦᠯᠬᠦ ᠳᠤ ᠣᠷᠣᠯᠴᠠᠭᠰᠠᠨ ᠠᠵᠤ ᠠᠬᠤᠶᠢᠯᠠᠯ ᠤᠳ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠢᠶᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ︾ — ︽ᠪᠠᠯᠠ ᠮᠥᠩᠭᠦ ᠶᠢ ᠬᠢᠨᠠᠨ ᠪᠠᠶᠢᠴᠠᠭᠠᠬᠤ ᠰᠢᠰᠲ᠋ᠧᠮ︾ — ︽ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠬᠦᠰᠦᠨᠦᠭ︾ ᠲᠤ ᠣᠷᠣᠵᠤ ᠬᠠᠮᠢᠶ᠎ᠠ ᠪᠥᠬᠦᠶ ᠠᠵᠤ ᠠᠬᠤᠶᠢᠯᠠᠯ ᠵᠢᠴᠢ ᠡᠮ ᠤᠨ ᠵᠦᠢᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠦᠵᠡᠨ᠎ᠡ᠃      ᠭᠤᠷᠪᠠ᠂ ᠢᠯᠡ ᠨᠡᠶᠢᠲᠡᠯᠡᠬᠦ ᠴᠠᠭ      2021 ᠣᠨ ᠤ 7 ᠰᠠᠷ᠎ᠠ ᠶᠢᠨ 27 — 8 ᠰᠠᠷ᠎ᠠ ᠶᠢᠨ 2 ᠤᠨ ᠡᠳᠦᠷ᠃      ᠳᠥᠷᠪᠡ᠂ ᠪᠤᠰᠤᠳ ᠶᠠᠪᠤᠳᠠᠯ ᠤᠳ      ︵ᠨᠢᠭᠡ︶ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠬᠡᠷᠪᠡ ᠡᠮ ᠤᠨ ᠵᠦᠢᠯ ᠢ ᠬᠤᠳᠠᠯᠳᠤᠨ ᠠᠪᠬᠤ ᠠᠷᠭ᠎ᠠ ᠮᠠᠶ᠋ᠢᠭ ᠪᠠ ᠬᠢᠵᠠᠭᠠᠷᠯᠠᠭᠰᠠᠨ ᠦᠨ᠎ᠡ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠪᠠᠯ᠂ ︽ᠬᠡᠨ ᠰᠠᠨᠠᠯ ᠲᠠᠢ ᠪᠣᠯ ᠲᠡᠷᠡ ᠭᠡᠷᠡᠴᠢ ᠳᠤᠷᠠᠳᠬᠤ︾ ᠵᠠᠷᠴᠢᠮ ᠤᠨ ᠶᠣᠰᠣᠭᠠᠷ ᠦᠨᠡᠨ ᠪᠣᠳᠠᠲᠠᠶ ᠪᠥᠭᠡᠳ ᠬᠦᠴᠦᠨ ᠲᠠᠢ᠂ ᠪᠦᠷᠢᠨ ᠭᠦᠢᠴᠡᠳ ᠭᠡᠷᠡᠴᠢ ᠪᠠᠷᠢᠮᠲᠠ ᠬᠠᠩᠭᠠᠬᠤ ᠮᠠᠲ᠋ᠧᠷᠢᠶᠠᠯ ᠢ ᠬᠠᠩᠭᠠᠵᠤ᠂ ᠬᠤᠭᠤᠴᠠᠭ᠎ᠠ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠲᠤᠰᠢᠶᠠᠭᠰᠠᠨ ᠦᠭᠡᠢ ᠪᠠᠶᠢᠪᠠᠯ ᠬᠦᠯᠢᠶᠠᠨ ᠠᠪᠴᠤ ᠰᠢᠢᠳᠪᠦᠷᠢᠯᠡᠬᠦ ᠦᠬᠡᠢ᠃ ︵ᠨᠢᠭᠡ︶ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠬᠡᠷᠪᠡ ᠡᠮ ᠤᠨ ᠵᠦᠢᠯ ᠢ ᠬᠤᠳᠠᠯᠳᠤᠨ ᠠᠪᠬᠤ ᠠᠷᠭ᠎ᠠ ᠮᠠᠶ᠋ᠢᠭ ᠪᠠ ᠬᠢᠵᠠᠭᠠᠷᠯᠠᠭᠰᠠᠨ ᠦᠨ᠎ᠡ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠪᠠᠯ᠂ ︽ᠬᠡᠨ ᠰᠠᠨᠠᠯ ᠲᠠᠢ ᠪᠣᠯ ᠲᠡᠷᠡ ᠭᠡᠷᠡᠴᠢ ᠪᠠᠷᠢᠮᠲᠠ ᠳᠤᠷᠠᠳᠬᠤ︾ ᠵᠠᠷᠴᠢᠮ ᠤᠨ ᠶᠣᠰᠣᠭᠠᠷ ᠦᠨᠡᠨ ᠪᠣᠳᠠᠲᠠᠶ ᠪᠥᠭᠡᠳ ᠬᠦᠴᠦᠨ ᠲᠠᠢ᠂ ᠪᠦᠷᠢᠨ ᠭᠦᠢᠴᠡᠳ ᠭᠡᠷᠡᠴᠢ ᠪᠠᠷᠢᠮᠲᠠ ᠬᠠᠩᠭᠠᠬᠤ ᠬᠡᠷᠡᠭᠲᠡᠶ᠃ ᠮᠡᠳᠡᠭᠦᠯᠬᠦ ᠬᠢᠷᠢ ᠬᠡᠮ ᠤᠨ ᠮᠡᠳᠡᠭᠡ ᠵᠠᠩᠭᠢ ᠨᠢ ᠪᠦᠷᠢᠨ ᠪᠤᠰᠤ ᠪᠠ ᠲᠤᠰᠢᠶᠠᠭᠰᠠᠨ ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠬᠦ ᠥᠬᠡᠶ ᠵᠡᠷᠭᠡ ᠰᠢᠯᠲᠠᠭᠠᠨ ᠠᠴᠠ ᠪᠣᠯᠵᠣ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠥᠬᠡᠶ ᠪᠠᠶᠢᠪᠠᠯ᠂ ᠲᠠᠷᠠᠭᠠᠴᠢ ᠶᠢᠨ ᠤᠯᠠᠷᠢᠯ ᠳᠤ ᠲᠥᠪᠯᠡᠷᠡᠭᠦᠯᠦᠨ ᠮᠡᠳᠡᠭᠦᠯᠬᠦ ᠦᠶ᠎ᠡ ᠳᠤ᠂ ᠨᠥᠬᠦᠪᠥᠷᠢᠯᠡᠨ ᠲᠡᠭᠦᠯᠳᠡᠷᠵᠢᠭᠦᠯᠦᠭᠰᠡᠨ ᠤ ᠳᠠᠷᠠᠭ᠎ᠠ ᠳᠠᠭᠢᠵᠤ ᠬᠢᠨᠠᠨ ᠬᠠᠷᠭᠤᠭᠤᠯᠬᠤ ᠪᠠᠷ ᠲᠤᠰᠢᠶᠠᠵᠤ᠂ ᠭᠤᠮᠣᠳᠠᠯ ᠲᠣᠭᠠᠴᠢᠭᠰᠠᠨ ᠮᠠᠲ᠋ᠧᠷᠢᠶᠠᠯ ᠢᠶᠠᠨ ᠲᠤᠰᠢᠶᠠᠬᠤ ᠴᠢᠬᠤᠯᠠ ᠥᠬᠡᠶ       ︵ᠬᠤᠶᠠᠷ︶ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ︵ᠪᠠᠯᠠ ᠣᠷᠣᠭᠤᠯᠬᠤ︶ ᠵᠠᠭᠠᠯᠳᠤᠯᠭ᠎ᠠ ᠶᠢᠨ ᠮᠠᠲ᠋ᠧᠷᠢᠶᠠᠯ ᠳᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾ ︵ᠳᠠᠭᠠᠯᠳᠤᠭᠤᠯᠤᠯ 1︶᠂ ︽ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ︾ ︵ᠳᠠᠭᠠᠯᠳᠤᠭᠤᠯᠤᠯ 2︶᠂ ︽ᠪᠠᠶᠢᠳᠠᠯ ᠤᠨ ᠲᠣᠳᠣᠷᠬᠠᠶᠢᠯᠠᠯᠲᠠ︾ ᠪᠣᠯᠤᠨ ᠬᠠᠮᠢᠶ᠎ᠠ ᠪᠥᠬᠦᠶ ᠲᠣᠳᠣᠷᠬᠠᠶ ᠪᠥᠭᠡᠳ ᠬᠦᠴᠦᠨ ᠲᠠᠢ ᠭᠡᠷᠡᠴᠢᠯᠡᠬᠦ ᠮᠠᠲ᠋ᠧᠷᠢᠶᠠᠯ ᠪᠠᠭᠲᠠᠨ᠎ᠠ᠃       ︵ᠭᠤᠷᠪᠠ︶ ᠲᠤᠰᠢᠶᠠᠬᠤ ᠠᠷᠭ᠎ᠠ ᠮᠠᠶ᠋ᠢᠭ᠄ ᠬᠠᠮᠢᠶ᠎ᠠ ᠪᠥᠬᠦᠶ ᠡᠮ ᠤᠨ ᠵᠦᠢᠯ   ᠤᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠲᠤᠬᠠᠶᠢᠯᠠᠭᠰᠠᠨ ᠠᠵᠢᠯ ᠤᠨ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ︵ᠳᠣᠲᠣᠷ ᠡᠮ ᠴᠤᠭᠯᠠᠭᠤᠯᠬᠤ ᠲᠥᠪ ᠥᠰᠥᠭ ︹ 2020 ︺ 13 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠵᠤ ᠭᠤᠶᠤᠴᠢᠯᠠᠬᠤ ︵ᠥᠭᠬᠦ︶ ᠵᠠᠭᠠᠯᠳᠤᠯᠭ᠎ᠠ ᠶᠢᠨ ᠮᠠᠲ᠋ᠧᠷᠢᠶᠠᠯ ᠢ ᠵᠢᠭᠠᠨ ᠲᠣᠭᠲᠠᠭᠠᠭᠰᠠᠨ ᠰᠢᠤᠳᠠᠨ ᠤ ᠬᠠᠶᠢᠷᠴᠠᠭ ︵nmgyczxywsl@163.com︶ ᠲᠤ ᠬᠦᠷᠭᠡᠨ᠎ᠡ᠃       ︵ᠳᠥᠷᠪᠡ︶ ᠪᠦᠯᠦᠭ ᠪᠦᠷᠢ ᠶᠢᠨ ᠢᠯᠡ ᠨᠡᠶᠢᠲᠡᠯᠡᠬᠦ ᠬᠤᠭᠤᠴᠠᠭᠠᠨ ᠳᠤ ᠭᠥᠯᠢᠶᠡᠨ ᠠᠪᠤᠭᠰᠠᠨ ᠭᠤᠶᠤᠴᠢᠯᠠᠯ ︵ᠣᠷᠣᠭᠤᠯᠤᠯᠲᠠ︶ ᠤᠨ ᠵᠠᠭᠠᠯᠳᠤᠯᠭ᠎ᠠ ᠶᠢ ᠲᠥᠪᠯᠡᠷᠡᠭᠦᠯᠦᠨ ᠰᠢᠳᠪᠦᠷᠢᠯᠡᠵᠤ  ᠂ ᠲᠤᠬᠠᠶ ᠶᠢᠨ ᠴᠠᠭ ᠲᠤᠨᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠪᠠᠷ ᠳᠡᠮᠵᠢᠨ ᠦᠷ᠎ᠡ ᠳ᠋ᠦᠩ ᠢ ᠨᠢᠭᠡᠳᠦᠯᠲᠡᠶ ᠨᠡᠶᠢᠲᠡᠯᠡᠨ᠎ᠡ᠃      ᠲᠠᠪᠤ᠂ ᠬᠠᠷᠢᠯᠴᠠᠬᠤ ᠠᠷᠭ᠎ᠠ ᠬᠡᠯᠪᠡᠷᠢ      0471 — 4919735 ︵ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ︶ 0471 — 4930630 ︵ᠲᠤᠬᠠᠶᠢᠯᠠᠭᠰᠠᠨ ᠠᠵᠢᠯ ᠤᠨ ᠯᠠᠪᠯᠠᠯᠭ᠎ᠠ︶      ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ 2.ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ                     ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ                          2021 ᠣᠨ ᠤ 7 ᠰᠠᠷ᠎ᠠ ᠶᠢᠨ 26 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号