2021 ᠣᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠬᠤᠯᠪᠣᠭᠳᠠᠯ ᠪᠦ᠋ᠬᠦᠢ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/7/28
     ᠥᠪᠥᠷ ᠡᠮ ᠡᠮᠨᠡᠯᠭᠡ ᠶᠢᠨ ᠳᠠᠭᠠᠳᠬᠠᠯ ᠠᠯᠪᠠᠨ ᠥᠰᠥᠭ ﹇2021﹈  71ᠳ᠋ᠦ᠋ᠭᠡᠷ ᠲᠣᠭᠠᠲᠤ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠱᠠᠲᠤᠨ ᠤ ︿ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ﹀ ᠲᠥᠷᠥᠯ ᠵᠦᠢᠯ ᠤᠨ ᠨᠠᠷᠢᠨ ᠳᠠᠩᠰᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 14 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠪᠢ ᠬᠥᠮᠦᠨ ᠤ ᠲᠠᠩᠰᠠᠨ ᠡᠷᠦᠬᠡ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠯᠬᠤᠮ ᠠᠯᠬᠤᠮ ᠢᠶᠠᠷ ᠠᠬᠢᠭᠤᠯᠤᠨ᠂ ᠠᠷᠠᠳ ᠲᠤ ᠨᠠᠩ ᠲᠥᠬᠦᠮ ᠦᠵᠡᠭᠦᠯᠵᠦ ᠠᠷᠠᠳ ᠲᠤ ᠠᠰᠢᠭᠲᠠᠶ ᠪᠣᠯᠭᠠᠵᠤ᠂  ᠦᠢᠯᠡᠳᠦᠯᠭᠡ ᠶᠢᠨ ᠠᠵᠢᠯᠯᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠯᠠᠪᠳᠠᠭᠤᠨ ᠢᠶᠠᠷ ᠠᠬᠢᠭᠤᠯᠵᠤ᠂ ᠡᠳᠦᠭᠡ 2021 ᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠄      ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢ ᠲᠤᠰ ᠬᠥᠮᠦᠨ ᠨᠢ ᠬᠡᠷᠡᠭᠯᠡᠵᠦ ᠪᠠᠶᠢᠭᠰᠠᠨ ᠠᠴᠠ ᠪᠠᠨ ᠭᠡᠷ ᠪᠦᠯᠢ ᠶᠢᠨ ᠪᠦᠷᠢᠯᠳᠦᠬᠦᠨ ᠬᠠᠮᠲᠤ ᠪᠠᠷ ᠬᠡᠷᠡᠭᠯᠡᠵᠦ ᠪᠣᠯᠬᠤ ᠪᠤᠯᠭᠠᠨ᠎ᠠ᠃ 2021 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠪᠢ ᠬᠥᠮᠦᠨ ᠤ ᠲᠠᠩᠰᠠᠨ ᠡᠷᠦᠬᠡ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠳᠠᠭᠠᠳᠬᠠᠯ ᠳᠤ ᠣᠷᠣᠭᠰᠠᠳ ᠤᠨ ᠲᠣᠰ ᠬᠥᠮᠦᠨ ᠵᠢᠴᠢ ᠲᠡᠭᠦᠨ ᠤ ᠬᠤᠯᠪᠣᠰᠤ᠂ ᠡᠴᠢᠭᠡ ᠡᠬᠡ᠂ ᠦᠷ᠎ᠡ ᠬᠡᠤᠬᠡᠳ ᠤᠨ ᠲᠣᠭᠲᠠᠮᠠᠯ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠬᠦ ᠳᠤ ᠡᠭᠦᠰᠦᠭᠰᠡᠨ ᠬᠤᠪᠢ ᠬᠥᠮᠦᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ ᠵᠢᠴᠢ ᠲᠣᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ ᠬᠤᠳᠠᠯᠳᠤᠨ ᠠᠪᠬᠤ ᠳᠤ ᠡᠭᠦᠰᠦᠭᠰᠡᠨ ᠬᠤᠪᠢ ᠬᠥᠮᠦᠨ ᠤ ᠡᠭᠦᠷᠭᠡᠯᠡᠬᠦ ᠵᠠᠷᠤᠳᠠᠯ ᠢ ᠳᠥᠯᠥᠨ᠎ᠡ᠃      ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠮᠢᠶᠠᠷᠤᠯᠲᠠ  ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠵᠦ᠂ ᠲᠣᠭᠲᠠᠭᠤᠨ ᠢᠶᠠᠷ ᠰᠢᠯᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠤᠨ ᠪᠣᠳᠠᠲᠠᠶ ᠬᠡᠷᠡᠭᠵᠢᠭᠦᠯᠬᠦ ᠠᠷᠭ᠎ᠠ ᠶᠢ ᠨᠡᠶᠢᠲᠡᠯᠡᠨ ᠬᠡᠷᠡᠭᠵᠢᠭᠦᠯᠦᠭᠰᠡᠨ ᠤ ᠳᠠᠷᠠᠭ᠎ᠠ᠂ ᠡᠯ᠎ᠡ ᠭᠠᠵᠠᠷ ᠤᠨ ᠬᠢᠨ ᠵᠢᠷᠤᠮᠯᠠᠨ ᠬᠡᠷᠡᠭᠵᠢᠭᠦᠯᠲᠦᠭᠡᠶ᠃         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ                                 2021 ᠣᠨ ᠤ 7 ᠰᠠᠷ᠎ᠠ ᠶᠢᠨ 8 ᠤ ᠡᠳᠦᠷ                                 ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号