﹇ᠳᠡᠯᠡᠬᠡᠶ ᠶᠢᠨ ᠡᠯᠢᠭᠡᠨ ᠤ ᠦᠷᠪᠢᠰᠦᠯ ᠤᠨ ᠡᠳᠦᠷ﹈ ᠮᠠᠷᠢᠶ᠎ᠠ ᠰᠢᠭᠤᠷᠠᠭᠤᠯᠬᠤ ᠨᠢ ᠪᠠᠰᠠ ᠡᠯᠢᠭᠡ ᠶᠢ  ᠦᠭᠡᠭᠦᠯᠡᠭᠦᠯᠳᠡᠭ
ᠨᠡᠶᠢᠲᠡᠯᠡᠭᠰᠡᠨ ᠴᠠᠭ᠄
2021/7/29
      ᠰᠢᠨᠬᠤᠸᠠ ᠰᠦᠯᠵᠢᠶᠡᠨ ᠤ ᠬᠥᠬᠡᠬᠤᠲᠠ ᠶᠢᠨ 7 ᠰᠠᠷ᠎ᠠ ᠶᠢᠨ 27 ᠤ ᠡᠳᠦᠷ ᠤᠨ  ᠮᠡᠳᠡᠭᠡ  ︵ᠯᠢ  ᠴᠢᠶᠠᠨ ︶ 7 ᠰᠠᠷ᠎ᠠ ᠶᠢᠨ 28 ᠤ ᠡᠳᠦᠷ ᠪᠣᠯ ︽ᠳᠡᠯᠡᠬᠡᠶ ᠶᠢᠨ ᠡᠯᠢᠭᠡᠨ ᠤ ᠦᠷᠪᠢᠰᠦᠯ ᠤᠨ ᠡᠳᠦᠷ︾ ᠮᠥᠨ᠃  ᠥᠪᠥᠷ  ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠢᠩᠭᠡᠭᠡᠯᠲᠡ ᠶᠢᠨ ᠳᠣᠲᠣᠷ ᠰᠠᠯᠠᠭᠠᠨ ᠤ ᠡᠷᠬᠢᠯᠡᠭᠴᠢ‌ᠦ᠋ ᠵᠢᠶᠠᠨ ᠫᠢᠩ ᠲᠠᠨᠢᠯᠴᠠᠭᠤᠯᠬᠤ ᠳᠠᠭᠠᠨ᠄ ᠡᠮᠴᠢᠯᠡᠭᠡᠨ ᠤ ᠲᠤᠭ᠎ᠠ ᠪᠠᠷᠢᠮᠲᠠ ᠠᠴᠠ ᠦᠵᠡᠪᠡᠯ᠂ ᠡᠯᠢᠭᠡ ᠥᠭᠡᠬᠦᠯᠡᠬᠦ ᠡᠪᠡᠳᠴᠢᠨ ᠡᠭᠦᠰᠬᠦ ᠨᠣᠷᠮ᠎ᠠ ᠲᠠᠰᠤᠷᠠᠯᠲᠠ ᠥᠬᠡᠶ ᠳᠡᠭᠡᠭᠰᠢᠯᠡᠵᠦ ᠪᠠᠶᠢᠬᠤ ᠪᠥᠭᠡᠳ ᠡᠪᠡᠳᠴᠢᠨ ᠡᠭᠦᠰᠬᠦ ᠨᠠᠰᠤ ᠨᠢ ᠡᠳᠦᠷ ᠢᠷᠡᠬᠦᠶ᠎ᠡ ᠵᠠᠯᠠᠭᠤᠵᠢᠵᠤ ᠪᠠᠶᠢᠨ᠎ᠠ᠂ ᠮᠠᠰᠢ ᠣᠯᠠᠨ ᠵᠠᠯᠠᠭᠤᠴᠤᠳ ᠮᠠᠷᠢᠶ᠎ᠠ ᠰᠢᠭᠤᠷᠠᠭᠤᠯᠬᠤ ᠶᠠᠪᠤᠴᠠ ᠳᠤ ᠡᠯᠢᠭᠡ ᠥᠭᠡᠬᠦᠯᠡᠬᠦ ᠳᠤ ᠠᠪᠳᠠᠬᠳᠠᠵᠤ ᠪᠠᠶᠢᠨ᠎ᠠ᠃ ᠡᠯᠢᠭᠡ ᠥᠭᠡᠬᠦᠯᠡᠬᠦ ᠶᠢ ᠪᠠᠰᠠ ᠥᠭᠡᠬᠦᠯᠡᠬᠦ ᠴᠢᠨᠠᠷᠲᠠᠶ ᠡᠯᠢᠭᠡᠨ ᠤ ᠡᠪᠡᠳᠴᠢᠨ ᠭᠡᠳᠡᠭ᠃ ᠬᠡᠪ ᠤᠨ ᠪᠠᠶᠢᠳᠠᠯ ᠳᠣᠣᠷ᠎ᠠ᠂ ᠬᠥᠮᠦᠨ ᠤ  ᠪᠡᠶ᠎ᠡ ᠶᠢᠨ ᠢᠯᠡᠭᠦᠴᠡ  ᠡᠨᠧᠷᠭᠢ  ᠥᠭᠡᠬᠦ ᠶᠢᠨ  ᠬᠡᠯᠪᠡᠷᠢ ᠪᠠᠷ  ᠬᠠᠳᠠᠭᠠᠯᠠᠭᠳᠠᠳᠠᠭ᠂ ᠥᠭᠡᠬᠦᠨ  ᠨᠡᠬᠡᠳᠡᠰᠦ ᠡᠴᠠ‌ᠭᠠᠳᠠᠨ᠎ᠠ᠂  ᠡᠯᠢᠭᠡ ᠪᠣᠯ ᠬᠠᠮᠤᠭ ᠶᠡᠭᠡ ᠥᠭᠡᠬᠦ ᠬᠠᠳᠠᠭᠠᠯᠠᠬᠤ ᠡᠷᠬᠡᠲᠡᠨ ᠪᠣᠯᠤᠨ᠎ᠠ᠃ ᠡᠷᠡᠭᠦᠯ ᠬᠥᠮᠦᠨ ᠤ ᠡᠯᠢᠭᠡᠨ ᠳᠤ ᠪᠦᠷ ᠪᠠᠭ᠎ᠠ ᠬᠡᠮᠵᠢᠶᠡᠨ ᠤ ᠥᠭᠡᠬᠦ ᠪᠠᠶᠢᠳᠠᠭ᠂ ᠥᠭᠡᠬᠦ ᠶᠢᠨ ᠠᠭᠤᠯᠤᠭᠳᠠᠴᠠ 5% ᠠᠴᠠ ᠬᠡᠲᠦᠷᠡᠪᠡᠯ ᠳᠠᠷᠤᠢ ᠡᠯᠢᠭᠡ ᠦᠭᠡᠬᠦᠯᠡᠯ᠎ᠡ ᠭᠡᠵᠦ ᠦᠵᠡᠵᠦ ᠪᠣᠯᠤᠨ᠎ᠠ ᠬᠡᠪᠡ᠃               ︽ᠣᠯᠠᠨ ᠢᠶᠠᠷ ᠢᠶᠠᠨ ᠶᠡᠷᠦ ᠳᠡᠭᠡᠨ ᠥᠭᠡᠬᠦ ᠬᠡᠲᠦᠷᠬᠡᠶ ᠠᠷᠪᠢᠨ ᠢᠳᠡᠳᠡᠭ᠂ ᠰᠢᠮ᠎ᠡ ᠲᠡᠵᠢᠭᠡᠯ ᠬᠡᠲᠦᠷᠡᠭᠰᠡᠨ ᠬᠥᠮᠦᠨ‌‍ᠰᠠᠶ᠋ᠢ ᠡᠯᠢᠭᠡ ᠥᠭᠡᠬᠦᠯᠡᠬᠦ ᠡᠪᠡᠳᠴᠢᠨ ᠳᠤ ᠨᠡᠷᠪᠡᠭᠳᠡᠳᠡᠭ ᠭᠡᠵᠦ ᠦᠵᠡᠳᠡᠭ᠂ ᠦᠨᠡᠨ ᠳᠡᠭᠡᠨ ᠬᠡᠲᠦ ᠮᠠᠷᠢᠶ᠎ᠠ ᠰᠢᠭᠤᠷᠠᠭᠤᠯᠬᠤ ᠪᠠ ᠬᠡᠲᠦ  ᠲᠦᠷᠭᠡᠨ ᠮᠠᠷᠢᠶ᠎ᠠ ᠰᠢᠭᠤᠷᠠᠭᠤᠯᠬᠤ ᠨᠢ ᠪᠠᠰᠠ ᠡᠯᠢᠭᠡ ᠶᠢ ᠦᠭᠡᠭᠦᠯᠡᠬᠦᠯᠳᠡᠭ︾ ᠭᠡᠵᠦ ᠦ᠋ ᠵᠢᠶᠠᠨ ᠫᠢᠩ ᠤᠨ ᠲᠠᠨᠢᠯᠴᠠᠭᠤᠯᠤᠭᠰᠠᠨ ᠢᠶᠠᠨ ᠵᠠᠯᠭᠠᠭᠠᠳ᠂ ᠢᠳᠡᠭᠡᠨ ᠤᠮᠳᠠᠭᠠᠨ ᠢᠶᠠᠨ ᠴᠢᠩᠭ᠎ᠠ ᠬᠢᠵᠠᠭᠠᠷᠯᠠᠬᠤ ᠪᠤᠶᠤ ᠰᠢᠷᠦᠭᠦᠨ ᠬᠥᠳᠡᠯᠭᠡᠭᠡᠨ ᠬᠢᠭᠰᠡᠨ ᠤ ᠳᠠᠷᠠᠭ᠎ᠠ ᠤᠭᠤᠷᠠᠭ ᠤᠨ ᠰᠢᠩᠭᠡᠭᠡᠯᠲᠡ ᠪᠠᠭᠠᠰᠴᠤ᠂ ᠡᠭᠦᠨ ᠢ ᠲᠠᠭᠠᠯᠳᠤᠨ ᠥᠭᠡᠬᠦᠨ ᠤᠭᠤᠷᠠᠭ ᠤᠨ ᠨᠡᠶᠢᠯᠡᠮᠠᠯ ᠥᠭᠡᠬᠦ ᠪᠠᠭᠠᠰᠳᠠᠭ᠂ ᠥᠭᠡᠬᠦᠨ ᠤᠭᠤᠷᠠᠭ ᠪᠣᠯ ᠨᠡᠶᠢᠯᠡᠮᠠᠯ ᠥᠭᠡᠬᠦ ᠶᠢ ᠵᠥᠭᠡᠭᠡᠪᠦᠷᠢᠯᠡᠬᠦ ᠴᠢᠬᠤᠯᠠ ᠪᠦᠷᠢᠯᠳᠦᠬᠦᠨ ᠶᠤᠮ᠂ ᠡᠨᠡ ᠲᠠᠯ᠎ᠠ ᠶᠢᠨ ᠪᠣᠳᠠᠰ ᠨᠢ ᠪᠠᠭᠠᠰᠪᠠᠯ ᠡᠯᠢᠭᠡᠨ ᠤ ᠥᠭᠡᠬᠦ ᠶᠢᠨ ᠬᠤᠷᠠᠮᠳᠤᠯ ᠢ ᠡᠭᠦᠰᠭᠡᠳᠡᠭ ᠬᠡᠵᠦ ᠬᠡᠯᠡᠪᠡ᠃ ᠦ᠋ ᠵᠢᠶᠠᠨ ᠫᠢᠩ᠄ ᠮᠠᠷᠢᠶ᠎ᠠ ᠰᠢᠭᠤᠷᠠᠭᠤᠯᠬᠤ ᠳᠠᠭᠠᠨ ᠳᠡᠩᠳᠡᠭᠦᠦ ᠬᠤᠷᠳᠤᠨ ᠰᠢᠭᠤᠷᠠᠭᠤᠯᠵᠤ ᠪᠣᠯᠬᠤ ᠦᠭᠡᠢ᠂ ᠵᠠᠪᠠᠯ ᠠᠯᠬᠤᠮ ᠳᠠᠷᠠᠭ᠎ᠠ ᠲᠠᠢ ᠰᠢᠭᠤᠷᠠᠭᠤᠯᠬᠤ ᠬᠡᠷᠡᠭᠲᠡᠢ ᠬᠡᠵᠦ ᠰᠠᠨᠠᠭᠤᠯᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号