ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠲᠥᠪᠯᠡᠷᠡᠭᠦᠯᠦᠨ ᠰᠦᠯᠵᠢᠶᠡᠨ ᠳᠤ ᠭᠠᠷᠭᠠᠬᠤ ᠬᠤᠶᠠᠳᠤᠭᠠᠷ ᠤᠯᠠᠷᠢᠯ ᠤᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠤᠨ ᠵᠠᠭᠠᠯᠳᠤᠭᠰᠠᠨ ᠵᠦᠢᠯᠡᠰ ᠢ ᠴᠠᠭᠠᠳᠬᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/7/30
        ᠥᠪᠥᠷ ᠡᠮ  ᠬᠤᠳᠠᠯᠳᠤᠨ ᠠᠪᠬᠤ ᠲᠥᠪ ᠦᠰᠦᠭ ﹇2021﹈ 139  ᠳ᠋ᠤᠭᠡᠷ ᠲᠣᠭᠠᠲᠤ ᠡᠯ᠎ᠡ ᠬᠠᠮᠢᠶ᠎ᠠ ᠪᠥᠬᠦᠶ ᠨᠢᠭᠡᠴᠢ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠲᠥᠪᠯᠡᠷᠡᠭᠦᠯᠦᠨ ᠰᠦᠯᠵᠢᠶᠡᠨ ᠳᠤ ᠭᠠᠷᠭᠠᠬᠤ ᠠᠵᠢᠯ ᠢ ᠤᠯᠠᠷᠢᠯ ᠢᠶᠠᠷ ᠪᠠᠶᠢᠩᠭᠤᠵᠢᠭᠤᠯᠤᠨ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ﹇2021﹈  86 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠵᠦ᠂ ᠮᠠᠨ ᠤ ᠲᠥᠪ 2021 ᠣᠨ ᠤ 7 ᠳ᠋ᠤᠭᠠᠷ ᠰᠠᠷ᠎ᠠ ᠶᠢᠨ 19 ᠤ ᠡᠳᠦᠷ ᠠᠴᠠ 2021 ᠣᠨ ᠤ 7 ᠳ᠋ᠤᠭᠠᠷ ᠰᠠᠷ᠎ᠠ ᠶᠢᠨ 25 ᠤ ᠡᠳᠦᠷ ᠪᠣᠯᠲᠠᠯᠠᠬᠢ ᠬᠤᠭᠤᠴᠠᠭᠠᠨ ᠳᠤ 2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠲᠥᠪᠯᠡᠷᠡᠭᠦᠯᠦᠨ ᠰᠦᠯᠵᠢᠶᠡᠨ ᠳᠤ ᠭᠠᠷᠭᠠᠬᠤ ᠬᠤᠶᠠᠳᠤᠭᠠᠷ ᠤᠯᠠᠷᠢᠯ ᠤᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠤᠨ ᠨᠢᠭᠡᠳᠦᠭᠡᠷ ᠪᠦᠯᠦᠭ ᠢ ᠵᠠᠷᠯᠠᠨ ᠨᠡᠶᠢᠲᠡᠯᠡᠪᠡ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠰᠡᠭ ᠵᠠᠭᠠᠯᠳᠤᠯᠭ᠎ᠠ ᠶᠢᠨ ᠮᠠᠲ᠋ᠧᠷᠢᠶᠠᠯ ᠢ ᠭᠥᠯᠢᠶᠡᠨ ᠠᠪᠤᠭᠰᠠᠨ᠂ ᠵᠠᠭᠠᠯᠳᠤᠭᠳᠠᠭᠰᠠᠨ ᠬᠤᠯᠪᠣᠭᠳᠠᠯ ᠪᠥᠬᠦᠶ ᠠᠵᠤ ᠠᠬᠤᠶᠢᠯᠠᠯ ᠤᠨ ᠵᠠᠭᠠᠯᠳᠤᠯᠭ᠎ᠠ ᠶᠢᠨ ᠵᠦᠢᠯᠡᠰ ᠢᠶᠠᠨ ᠲᠠᠶᠢᠯᠪᠤᠷᠢᠯᠠᠬᠤ ᠴᠢᠬᠤᠯᠠᠳᠠᠢ ᠪᠤᠯᠬᠤᠷ ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂ ᠲᠣᠳᠣᠷᠬᠠᠶᠢᠯᠠᠬᠤ ᠴᠠᠭ      2021 ᠣᠨ ᠤ 7 ᠳ᠋ᠤᠭᠠᠷ ᠰᠠᠷ᠎ᠠ ᠶᠢᠨ 28 ᠤ ᠡᠳᠦᠷ ᠠᠴᠠ 8 ᠳ᠋ᠤᠭᠠᠷ ᠰᠠᠷ᠎ᠠ ᠶᠢᠨ 3 ᠤ ᠡᠳᠦᠷ      ᠬᠤᠶᠠᠷ᠂ ᠲᠠᠶᠢᠯᠪᠤᠷᠢᠯᠠᠬᠤ ᠤᠴᠢᠷ ᠶᠠᠪᠤᠳᠠᠯ       ︵ᠨᠢᠭᠡ︶ ᠠᠵᠤ ᠠᠬᠤᠶᠢᠯᠠᠯ ᠬᠡᠷᠪᠡ ᠵᠠᠭᠠᠯᠳᠤᠯᠭ᠎ᠠ ᠶᠢᠨ ᠠᠭᠤᠯᠭ᠎ᠠ ᠳᠤ ᠣᠨᠳᠣᠣ ᠰᠠᠨᠠᠯ ᠲᠠᠢ ᠪᠠᠶᠢᠪᠠᠯ᠂ ︽ᠬᠡᠨ ᠰᠠᠨᠠᠯ ᠲᠠᠢ ᠪᠣᠯ ᠬᠡᠨ ᠬᠡᠷᠡᠴᠢ ᠳᠤᠷᠠᠳᠬᠤ︾ ᠵᠠᠷᠴᠢᠮ ᠶᠣᠰᠣᠭᠠᠷ᠂ ᠡᠷᠬᠡᠪᠰᠢ ᠲᠣᠭᠲᠠᠭᠰᠠᠨ ᠴᠠᠭ ᠤᠨ ᠳᠣᠲᠣᠷ᠎ᠠ ᠦᠨᠡᠨ ᠪᠣᠳᠠᠲᠠᠶ ᠪᠥᠭᠡᠳ ᠬᠦᠴᠦᠨ ᠲᠠᠢ᠂ ᠪᠦᠷᠢᠨ ᠭᠦᠢᠴᠡᠳ ᠬᠡᠷᠡᠴᠢ ᠪᠠᠷᠢᠮᠲᠠ ᠪᠠ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠶ︔ ᠡᠮ ᠤᠨ ᠵᠦᠢᠯ ᠤᠨ ᠬᠤᠷᠢᠶᠠᠩᠭᠤᠶᠢᠯᠠᠭᠰᠠᠨ ᠬᠦᠰᠦᠨᠦᠭᠲᠦ ᠳᠤ ᠪᠥᠬᠦ ᠤᠯᠤᠰ ᠤᠨ ᠬᠠᠮᠤᠭ ᠤᠨ ᠳᠣᠤᠷ᠎ᠠ ᠦᠨ᠎ᠡ ᠬᠠᠩᠰᠢ᠂ ᠬᠡᠷᠡᠭᠵᠢᠭᠦᠯᠬᠦ ᠮᠤᠵᠢ ᠣᠷᠣᠨ ᠵᠢᠴᠢ ᠴᠠᠭ ᠢ ᠲᠣᠳᠣᠷᠬᠠᠶ ᠲᠠᠭᠯᠠᠨ ᠪᠢᠴᠢᠬᠦ ᠶᠢᠨ ᠬᠠᠮᠲᠤ ᠵᠠᠭᠠᠯᠳᠤᠭᠰᠠᠨ ᠵᠦᠢᠯᠡᠰ ᠢ ᠥᠯᠥ ᠵᠥᠪᠰᠢᠶᠡᠷᠡᠬᠦ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠬᠠᠭᠤᠳᠠᠰᠤ ᠳᠠᠷᠠᠭᠠᠯᠠᠨ ᠳᠠᠷᠤᠭᠰᠠᠨ ᠴᠠᠭᠠᠳᠬᠠᠠᠬᠤ ᠮᠠᠲ᠋ᠧᠷᠢᠶᠠᠯ ︵PDF ᠬᠡᠪᠯᠡᠯ︶ ᠢ ᠵᠢᠭᠠᠨ ᠲᠣᠭᠲᠠᠭᠠᠭᠰᠠᠨ ᠰᠢᠤᠳᠠᠨ ᠤ ᠬᠠᠶᠢᠷᠴᠠᠭ ︵nmgyczxywsl@163.com ︶ ᠲᠤ ᠶᠠᠪᠤᠭᠤᠯᠵᠤ᠂ ᠬᠤᠭᠤᠴᠠᠭ᠎ᠠ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠮᠠᠲ᠋ᠧᠷᠢᠶᠠᠯ ᠢᠶᠠᠨ ᠲᠤᠰᠢᠶᠠᠬᠤ ᠥᠬᠡᠶ ᠪᠣᠯ ᠭᠥᠯᠢᠶᠡᠨ ᠠᠪᠴᠤ ᠰᠢᠢᠳᠪᠦᠷᠢᠯᠡᠬᠦ ᠥᠬᠡᠶ᠃      ︵ᠬᠤᠶᠠᠷ︶ ᠲᠤᠰᠢᠶᠠᠬᠤ ᠮᠠᠲ᠋ᠧᠷᠢᠶᠠᠯ ᠳᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠭᠰᠠᠨ ᠪᠢᠴᠢᠭ᠂ ᠲᠠᠶᠢᠯᠪᠤᠷᠢᠯᠠᠬᠤ ᠡᠮ ᠤᠨ ᠵᠦᠢᠯ ᠤᠨ ᠬᠤᠷᠢᠶᠠᠩᠭᠤᠢ ᠬᠦᠰᠦᠨᠦᠭᠲᠦ᠂ ᠲᠠᠶᠢᠯᠪᠤᠷᠢᠯᠠᠬᠤ ᠲᠣᠳᠣᠷᠬᠠᠶᠢᠯᠠᠯᠲᠠ ᠪᠠ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠪᠠᠭᠲᠠᠨ᠎ᠠ᠃      ︵ᠭᠤᠷᠪᠠ︶ ᠭᠥᠯᠢᠶᠡᠨ ᠠᠪᠤᠭᠰᠠᠨ ᠴᠠᠭ᠄ 2021 ᠣᠨ ᠤ 7 ᠳ᠋ᠤᠭᠠᠷ ᠰᠠᠷ᠎ᠠ ᠶᠢᠨ 28 ᠤ ᠡᠳᠦᠷ ᠠᠴᠠ 8 ᠳ᠋ᠤᠭᠠᠷ ᠰᠠᠷ᠎ᠠ ᠶᠢᠨ 3 ᠤ ᠡᠳᠦᠷ᠃      ᠬᠠᠷᠢᠯᠴᠠᠬᠤ ᠤᠲᠠᠰᠤ᠄ 0471-- 4919735 ︵ᠮᠠᠲ᠋ᠧᠷᠢᠶᠠᠯ ᠭᠥᠯᠢᠶᠡᠨ ᠠᠪᠴᠤ ᠰᠢᠢᠳᠪᠦᠷᠢᠯᠡᠬᠦ︶ 0471--4930630 ︵ᠲᠤᠬᠠᠶᠢᠯᠠᠭᠰᠠᠨ ᠠᠵᠢᠯ ᠤᠨ ᠵᠥᠪᠯᠡᠯᠭᠡ︶      ᠳᠠᠭᠠᠯᠳᠤᠭᠤᠯᠤᠯ᠄ 1᠂ ᠵᠠᠭᠠᠯᠳᠤᠭᠳᠠᠭᠰᠠᠨ ᠡᠮ ᠤᠨ ᠵᠦᠢᠯ ᠤᠨ ᠬᠦᠰᠦᠨᠦᠭᠲᠦ 2᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠬᠦᠯᠢᠶᠡᠨ ᠠᠪᠬᠤ ᠬᠦᠰᠦᠨᠦᠭᠳᠦ 3᠂ ᠬᠠᠤᠯᠢ ᠶᠢᠨ ᠡᠷᠬᠡᠳᠡᠨ ᠤ ᠡᠷᠬᠡ ᠣᠯᠭᠤᠬᠤ ᠪᠢᠴᠢᠭ                       ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ                        2021 ᠣᠨ ᠤ 7  ᠳ᠋ᠤᠭᠠᠷ ᠰᠠᠷ᠎ᠠ ᠶᠢᠨ 28  ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号