ᠪᠣᠭᠤᠲᠤ ᠬᠤᠲᠠ ᠨᠢ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠲᠦᠷᠪᠡᠨ ᠬᠤᠳᠠ ᠶᠢᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠭᠡᠳ ᠬᠠᠷᠠᠭᠠᠯᠵᠠᠯ ᠤᠨ ᠪᠠᠲᠤᠯᠠᠭ᠎ᠠ ᠶᠢᠨ ︽ᠭᠤᠷᠪᠠ ᠶᠢ ᠨᠢᠭᠡᠳᠬᠡᠵᠦ᠂ ᠨᠢᠭᠡ ᠶᠢ ᠬᠦᠴᠦᠨ ᠦᠭᠡᠢ ᠪᠣᠯᠭᠠᠵᠤ᠂ ᠨᠢᠭᠡ ᠶᠢ ᠥᠷᠭᠡᠳᠬᠡᠬᠦ︾ ᠶᠢ ᠪᠡᠶᠡᠯᠡᠭᠦᠯᠵᠡᠢ
ᠨᠡᠶᠢᠲᠡᠯᠡᠭᠰᠡᠨ ᠴᠠᠭ᠄
2021/8/17
     ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠥᠭᠵᠢᠬᠦ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠠᠵᠤ ᠠᠬᠤᠶ ᠶᠢᠨ ᠨᠢᠭᠡ ᠴᠤᠭᠴᠠᠵᠢᠬᠤ᠂ ᠭᠠᠵᠠᠷ ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠬᠦ ᠶᠢᠨ ᠲᠤᠰᠠᠲᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠪᠤᠭᠤᠲᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠥᠷᠥᠯ ᠵᠦᠢᠯ ᠨᠢ ᠡᠮᠦᠨᠡᠬᠢ ᠬᠤᠭᠤᠴᠠᠭᠠᠨ ᠤ ᠵᠠᠳᠠᠯᠤᠯᠲᠠ ᠨᠤᠲᠠᠯᠠᠯᠲᠠ᠂ ᠰᠢᠰᠲ᠋ᠧᠮ ᠢ ᠳᠡᠰ ᠳᠡᠪᠰᠢᠭᠦᠯᠦᠨ ᠥᠭᠡᠷᠡᠴᠢᠯᠡᠬᠦ ᠵᠡᠷᠭᠡ ᠱᠠᠲᠤ ᠦᠶ᠎ᠡ ᠪᠠᠷ ᠳᠡᠮᠵᠢᠨ᠂ ᠬᠥᠬᠡᠬᠤᠲᠠ᠂ ᠣᠷᠳᠣᠰ ᠬᠤᠲᠠ᠂ ᠤᠯᠠᠭᠠᠨᠴᠠᠪ ᠬᠤᠲᠠ ᠵᠡᠷᠭᠡ ᠭᠤᠷᠪᠠᠨ ᠬᠤᠲᠠ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ᠣᠯᠭᠤᠮᠵᠢ ᠶᠢᠨ ᠲᠠᠯ᠎ᠠ ᠪᠠᠷ ᠨᠢᠭᠡᠳᠦᠯᠲᠡᠶ ᠪᠠᠶᠢᠬᠤ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠡᠮ ᠡᠮᠨᠡᠯᠭᠡ ᠶᠢᠨ ᠦᠢᠯᠡᠴᠢᠯᠡᠭᠡᠨ ᠤ ᠲᠥᠬᠦᠮ ᠴᠢᠨᠠᠷ ᠢ ᠬᠦᠴᠦᠲᠡᠶ ᠳᠡᠭᠡᠭᠰᠢᠯᠡᠭᠦᠯᠦᠨ᠂ ᠳᠥᠷᠪᠡᠨ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠬᠠᠮᠲᠤᠪᠠᠷ ᠭᠥᠷᠳᠡᠬᠦ ᠠᠯᠬᠤᠴᠠ ᠶᠢ ᠲᠦᠷᠭᠡᠳᠬᠡᠪᠡ᠃      ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠳᠦᠷᠦ ᠶᠢᠨ ᠪᠤᠳᠤᠯᠭ᠎ᠠ ᠪᠣᠯᠤᠨ ᠬᠠᠷᠠᠭᠠᠯᠵᠠᠯ ᠢ ᠨᠢᠭᠡ ᠴᠤᠭᠴᠠᠵᠢᠭᠤᠯᠤᠭᠰᠠᠨ ᠤ ᠳᠠᠷᠠᠭ᠎ᠠ᠂ ︽ᠭᠤᠷᠪᠠ ᠶᠢ ᠨᠢᠭᠡᠳᠬᠡᠬᠦ᠂ ᠨᠢᠭᠡ ᠶᠢ  ᠬᠦᠴᠦᠨ ᠦᠭᠡᠢ ᠪᠤᠯᠭᠠᠬᠤ᠂ ᠨᠢᠭᠡ ᠶᠢ ᠥᠷᠭᠡᠳᠬᠡᠬᠦ︾ ᠶᠢ ᠪᠡᠶᠡᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠨᠡᠩ ᠪᠠᠲᠤ᠂ ᠨᠡᠩ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃ ᠨᠢᠭᠡ ᠳᠤ᠂ ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ ᠶᠢ ᠨᠢᠭᠡᠳᠭᠡᠪᠡ᠃ 2021 ᠣᠨ ᠤ ᠬᠥᠬᠡᠬᠤᠲᠠ ᠪᠤᠭᠤᠲᠤ ᠣᠷᠳᠣᠰ  ᠤᠯᠠᠭᠠᠨᠴᠠᠪ ᠳᠥᠷᠪᠡᠨ ᠬᠤᠲᠠ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠪᠠᠯᠠ ᠴᠤᠭᠯᠠᠭᠤᠯᠬᠤ ᠪᠠᠷᠢᠮᠵᠢᠶ᠎ᠠ ᠶᠢ ᠬᠥᠮᠦᠨ ᠪᠦᠷᠢ ᠵᠢᠯ ᠳᠤ 50 ᠲᠥᠭᠦᠷᠢᠭ ᠢᠶᠠᠷ ᠨᠢᠭᠡᠳᠦᠯᠲᠡᠶ ᠲᠣᠭᠲᠠᠭᠠᠪᠠ᠂ ᠲᠤᠬᠠᠶᠢᠯᠠᠪᠠᠯ 2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠬᠤᠪᠢ ᠬᠥᠮᠦᠨ ᠤ ᠳᠠᠭᠠᠳᠬᠠᠯ ᠳᠤ ᠣᠷᠣᠯᠴᠠᠭᠰᠠᠨ ᠵᠠᠷᠤᠳᠠᠯ ᠢᠶᠠᠨ ᠭᠦᠢᠴᠡᠳ ᠲᠤᠰᠢᠶᠠᠭᠰᠠᠨ ᠤ ᠳᠠᠷᠠᠭ᠎ᠠ᠂ ᠳᠠᠷᠤᠶ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠷᠠᠭᠠᠯᠵᠠᠯ ᠢ ᠭᠥᠷᠳᠡᠵᠦ ᠪᠣᠯᠤᠨ᠎ᠠ᠂ ᠳᠠᠭᠢᠵᠤ ᠰᠦᠢᠳᠬᠡᠯ ᠲᠤᠰᠢᠶᠠᠬᠤ ᠴᠢᠬᠤᠯᠠ ᠥᠬᠡᠶ᠃ ᠬᠤᠶᠠᠷ ᠲᠤ᠂ ᠡᠬᠢᠯᠡᠵᠦ ᠳᠥᠯᠥᠬᠦ ᠱᠤᠭᠤᠮ ᠪᠠ ᠲᠠᠩᠰᠠ ᠲᠠᠶᠢᠯᠬᠤ ᠬᠠᠷᠢᠴᠠᠯ ᠢ ᠨᠢᠭᠡᠳᠭᠡᠪᠡ᠃ 2021 ᠣᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠳᠥᠯᠥᠬᠦ ᠡᠬᠢᠯᠡᠯᠲᠡ ᠶᠢᠨ ᠱᠤᠭᠤᠮ ᠨᠢ 1.4 ᠲᠦᠮᠡᠨ ᠲᠥᠭᠦᠷᠢᠭ ᠪᠣᠯᠤᠨ᠎ᠠ᠂ ᠲᠤᠬᠠᠶᠢᠯᠠᠪᠠᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠰ ᠤᠨ ᠬᠤᠪᠢ ᠬᠥᠮᠦᠨ ᠤ ᠵᠢᠯ ᠤᠨ ᠡᠭᠦᠷᠭᠡᠯᠡᠯ ᠨᠡᠶᠢᠲᠡ 1.4 ᠲᠦᠮᠡᠨ ᠲᠥᠭᠦᠷᠢᠭ ᠢ ᠳᠠᠪᠠᠭᠰᠠᠨ ᠤ ᠳᠠᠷᠠᠭ᠎ᠠ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠵᠤ ᠪᠣᠯᠤᠨ᠎ᠠ᠃ ᠳᠠᠭᠠᠳᠬᠠᠯ ᠳᠤ ᠵᠡᠷᠭᠡᠪᠡᠷ ᠣᠷᠣᠯᠴᠠᠭᠰᠠᠨ ᠬᠥᠮᠦᠰ ᠤᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ︵ᠡᠩ ᠤᠨ ᠡᠮᠨᠡᠯᠭᠡ ᠳᠤ ᠰᠠᠭᠤᠭᠰᠠᠨ ᠪᠠ ᠭᠠᠳᠠᠷ ᠰᠢᠷᠬ᠎ᠠ ᠶᠢᠨ ᠡᠮᠨᠡᠯᠭᠡ ᠳᠤ ᠰᠠᠭᠤᠭᠰᠠᠨ ᠵᠠᠷᠤᠳᠠᠯ ᠢ ᠯᠠ ᠪᠠᠭᠲᠠᠭᠠᠨ᠎ᠠ︶ ᠢ ᠦᠨᠳᠦᠰᠦᠨ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠤᠭᠰᠠᠨ ᠤ ᠳᠠᠷᠠᠭ᠎ᠠ᠂ ᠲᠣᠭᠲᠠᠭᠠᠯ ᠳᠤ ᠨᠡᠶᠢᠴᠡᠬᠦ ᠦᠯᠡᠳᠡᠭᠰᠡᠨ ᠬᠡᠰᠡᠭ ᠤᠨ ᠵᠠᠷᠤᠳᠠᠯ ᠨᠢ ᠡᠬᠢᠯᠡᠵᠦ ᠳᠥᠯᠥᠬᠦ ᠱᠤᠭᠤᠮ ᠠᠴᠠ ᠳᠠᠪᠠᠭᠰᠠᠨ ᠪᠠᠶᠢᠪᠠᠯ᠂ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠨᠢ 60% ᠪᠣᠯᠤᠨ᠎ᠠ᠂ ᠡᠭᠦᠨ ᠤ ᠵᠡᠷᠭᠡ ᠳᠤ ᠪᠦᠬᠦᠯᠢ 18 ᠨᠠᠰᠤᠨ ᠠᠴᠠ ᠳᠣᠷᠣᠭᠰᠢᠬᠢ ᠳᠠᠭᠠᠳᠬᠠᠯ ᠳᠤ ᠣᠷᠣᠯᠴᠠᠭᠴᠢ ᠪᠠ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠲᠠᠩᠰᠠ ᠲᠠᠶᠢᠯᠬᠤ ᠬᠠᠷᠢᠴᠠᠯ ᠢ 5 ᠵᠠᠭᠤᠨ ᠤ ᠨᠢᠭᠡᠴᠢ ᠳᠡᠭᠡᠭᠰᠢᠯᠡᠭᠦᠯᠵᠦ᠂ ᠮᠠᠨ ᠤ ᠬᠤᠲᠠ ᠶᠢᠨ ᠤᠤᠯ ᠤᠨ ᠬᠦᠨᠳᠦ ᠡᠪᠡᠳᠴᠢᠨ ᠤ ᠳᠠᠭᠠᠳᠬᠠᠯ ᠤᠨ ᠬᠡᠰᠡᠭ ᠬᠤᠪᠢᠶᠠᠨ ᠲᠠᠩᠰᠠ ᠲᠠᠶᠢᠯᠬᠤ ᠬᠡᠯᠪᠡᠷᠢ ᠶᠢ ᠬᠦᠴᠦᠨ ᠥᠬᠡᠶ ᠪᠣᠯᠭᠠᠵᠠᠶ᠃ ᠭᠤᠷᠪᠠ ᠳᠤ᠂ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠴᠤᠪᠤᠷᠠᠯ ᠢ ᠨᠢᠭᠡᠳᠭᠡᠪᠡ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠳᠤ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠠᠴᠠ ᠭᠠᠷᠬᠤ︽ᠨᠢᠭᠡ ᠲᠠᠩᠰᠠ︾ ᠪᠠᠷ ᠳ᠋ᠦᠩᠨᠡᠨ ᠪᠣᠳᠣᠯᠲᠠ ᠬᠢᠬᠦ ᠶᠢ ᠪᠡᠶᠡᠯᠡᠭᠦᠯᠵᠦ᠂ ᠳᠠᠷᠤᠶ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠡᠮᠨᠡᠯᠭᠡ ᠠᠴᠠ ᠭᠠᠷᠬᠤ ᠭᠠᠷ ᠭᠦᠢᠴᠡᠳᠬᠡᠯ ᠬᠢᠬᠦ ᠦᠶ᠎ᠡ ᠳᠤ᠂ ᠡᠮᠨᠡᠯᠭᠡ ᠶᠢᠨ ᠬᠤᠷᠢᠶ᠎ᠠ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠭᠤᠯᠤᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠢ ᠭᠥᠷᠳᠡᠵᠦ ᠪᠣᠯᠬᠤ ᠵᠣᠭᠤᠰ ᠤᠨ ᠲᠤᠭ᠎ᠠ ᠶᠢ ᠰᠢᠭᠤᠳ ᠲᠡᠰᠦᠯᠦᠨ ᠪᠤᠳᠤᠵᠤ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠥᠪᠡᠷᠲᠡᠭᠡᠨ ᠳᠥᠯᠥᠬᠦ ᠵᠠᠷᠤᠳᠠᠯ ᠢᠶᠠᠨ ᠲᠤᠰᠢᠶᠠᠪᠠᠯ ᠪᠣᠯᠴᠢᠬᠠᠨ᠎ᠠ᠂ ᠡᠨᠡ ᠨᠢ ᠮᠡᠳᠡᠭᠡ ᠵᠠᠩᠭᠢ ᠶᠢ ᠢᠯᠡᠭᠦᠤ ᠶᠠᠪᠤᠭᠤᠯᠵᠤ᠂ ᠠᠷᠠᠳ ᠢᠷᠭᠡᠳ ᠳᠤᠲᠠᠭᠤ ᠭᠦᠶᠦᠯᠭᠡᠬᠦ ᠬᠠᠷᠠᠯᠲᠠ ᠶᠢ ᠪᠡᠶᠡᠯᠡᠭᠦᠯᠦᠭᠰᠡᠨ ᠮᠥᠷᠲᠡᠭᠡᠨ ᠣᠳᠣᠬᠠᠨ ᠤ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠳᠠᠷᠦ᠋ᠢᠬᠠᠨ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠣᠶᠢᠷ᠎ᠠ ᠬᠠᠪᠢ ᠳᠠᠭᠠᠨ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ︾ ᠲᠤᠬᠠᠶ ᠶᠡᠷᠦᠩᠬᠡᠶ ᠬᠠᠷᠠᠯᠲᠠ ᠶᠢᠨ ᠱᠠᠭᠠᠷᠳᠠᠯᠭ᠎ᠠ ᠳᠤ ᠵᠣᠬᠢᠴᠠᠭᠤᠯᠤᠭᠰᠠᠨ ᠪᠠᠶᠢᠨ᠎ᠠ᠃ ᠳᠥᠷᠪᠡ ᠳᠤ᠂ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠪᠥᠬᠦ ᠲᠠᠯ᠎ᠠ ᠪᠠᠷ ᠬᠦᠴᠦᠨ ᠥᠬᠡᠶ ᠪᠤᠯᠭᠠᠨ᠎ᠠ᠂ ᠲᠤᠬᠠᠶᠢᠯᠠᠪᠠᠯ 2021 ᠣᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠨᠢ ᠡᠬᠢᠯᠡᠵᠦ ᠳᠥᠯᠥᠬᠦ ᠱᠤᠭᠤᠮ ᠠᠴᠠ 1.4 ᠲᠦᠮᠡᠨ ᠲᠥᠭᠦᠷᠢᠭ ᠬᠡᠲᠦᠷᠡᠭᠰᠡᠨ ᠤ ᠳᠠᠷᠠᠭ᠎ᠠ᠂ ᠬᠠᠮᠤᠭ ᠤᠨ ᠳᠡᠭᠡᠳᠦ ᠬᠢᠵᠠᠭᠠᠷ ᠲᠤᠭ᠎ᠠ ᠶᠢ ᠬᠦᠴᠦᠨ ᠥᠬᠡᠶ ᠪᠤᠯᠭᠠᠨ᠎ᠠ᠂ ᠬᠦᠨᠳᠦ ᠡᠪᠡᠳᠴᠢᠨ ᠪᠠ ᠬᠦᠨᠳᠦ ᠡᠪᠡᠳᠴᠢᠨ ᠳᠤ ᠨᠡᠷᠪᠡᠭᠳᠡᠭᠰᠡᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠲᠤ ᠠᠪᠴᠤ ᠬᠡᠯᠡᠪᠡᠯ᠂ ᠬᠤᠶᠢᠰᠢᠳᠠ ᠶᠢᠨ ᠵᠣᠪᠠᠨᠢᠯ ᠢ ᠲᠦᠢᠯᠪᠤᠷᠢᠲᠠᠶ ᠠᠷᠢᠯᠭᠠᠵᠤ᠂ ᠡᠪᠡᠳᠴᠢᠨ ᠡᠮᠭᠡᠭ ᠤᠨ ᠡᠮᠴᠢᠯᠡᠭᠡ ᠶᠢ ᠰᠠᠨᠠᠭ᠎ᠠ ᠠᠮᠤᠷ ᠬᠢᠵᠦ ᠪᠣᠯᠤᠨ᠎ᠠ᠃ ᠲᠠᠷᠤᠢ 2021 ᠣᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠨᠢ ᠡᠬᠢᠯᠡᠵᠦ ᠳᠥᠯᠥᠬᠦ ᠬᠢᠵᠠᠭᠠᠷ  1.4 ᠲᠦᠮᠡᠨ ᠲᠥᠭᠦᠷᠢᠭ ᠠᠴᠠ ᠬᠡᠲᠦᠷᠡᠭᠰᠡᠨ ᠤ ᠳᠠᠷᠠᠭ᠎ᠠ᠂ ᠬᠠᠮᠤᠭ ᠤᠨ ᠳᠡᠭᠡᠳᠦ ᠬᠢᠵᠠᠭᠠᠷ ᠲᠤᠭ᠎ᠠ ᠥᠬᠡᠶ ᠪᠣᠯᠤᠨ᠎ᠠ᠃ ᠲᠠᠪᠤ ᠳᠤ᠂ ᠵᠣᠭᠤᠰ ᠥᠭᠬᠦ ᠬᠦᠷᠢᠶ᠎ᠡ ᠬᠡᠪᠴᠢᠶ᠎ᠡ ᠶᠢ ᠦᠷᠭᠡᠳᠭᠡᠪᠡ᠃ 2021 ᠣᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠢ 100% ᠪᠠᠷ ᠳᠥᠯᠥᠬᠦ ᠬᠡᠪᠴᠢᠶᠡᠨ ᠳᠤ ᠣᠷᠣᠭᠤᠯᠵᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠠᠴᠠ ᠭᠠᠳᠠᠨᠠᠬᠢ ᠲᠣᠭᠲᠠᠭᠠᠯ ᠳᠤ ᠨᠡᠶᠢᠴᠡᠬᠦ ᠵᠠᠷᠤᠳᠠᠯ ᠢ 60% ᠪᠠᠷ ᠳᠥᠯᠥᠬᠦ ᠬᠡᠪᠴᠢᠶᠡᠨ ᠳᠤ ᠣᠷᠣᠭᠤᠯᠤᠨ᠎ᠠ᠂ ᠪᠣᠳᠠᠲᠠᠶ ᠪᠠᠷ᠂ ᠭᠠᠷᠴᠠᠭ ᠠᠴᠠ ᠭᠠᠳᠠᠨᠠᠬᠢ ᠬᠡᠷᠡᠭᠯᠡᠬᠦ ᠡᠮ ᠪᠠ ᠣᠨᠣᠰᠢᠯᠠᠨ ᠡᠮᠨᠡᠬᠦ ᠵᠠᠷᠤᠳᠠᠯ ᠢ ᠪᠠᠭᠲᠠᠭᠠᠨ᠎ᠠ᠂ ᠭᠡᠪᠡᠴᠦ ᠪᠠᠷᠢᠮᠵᠢᠶ᠎ᠠ ᠠᠴᠠ ᠬᠡᠲᠦᠷᠡᠭᠰᠡᠨ ᠣᠷᠣ ᠶᠢᠨ ᠵᠠᠷᠤᠳᠠᠯ᠂ ᠲᠤᠰᠬᠠᠶ ᠮᠡᠷᠭᠡᠵᠢᠯᠲᠡᠨ ᠤ ᠵᠠᠷᠤᠳᠠᠯ᠂ ᠳᠤᠯᠠᠭᠠᠯᠠᠯᠭ᠎ᠠ ᠶᠢᠨ ᠵᠠᠷᠤᠳᠠᠯ᠂ ᠬᠤᠭᠤᠯᠠᠨ ᠤ ᠵᠠᠷᠤᠳᠠᠯ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ᠂ ᠬᠠᠨᠢ ᠪᠣᠯᠬᠤ ᠵᠠᠷᠤᠳᠠᠯ᠂ ᠣᠨᠴᠠ ᠬᠡᠷᠡᠭᠴᠡᠭᠡᠨ ᠤ ᠵᠠᠷᠤᠳᠠᠯ ᠪᠠ ᠪᠤᠰᠤᠳ ᠡᠮᠴᠢᠯᠡᠭᠡᠨ ᠤ ᠪᠤᠰᠤ ᠵᠠᠷᠤᠯᠭ᠎ᠠ ᠶᠢ ᠪᠠᠭᠲᠠᠭᠠᠬᠤ ᠥᠬᠡᠶ᠃ ᠵᠢᠱᠢᠶᠡᠯᠡᠪᠡᠯ᠂ 2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠱᠢ ᠣᠪᠣᠭᠲᠤ ᠰᠤᠷᠭᠠᠭᠤᠯᠢ ᠳᠤ ᠪᠠᠶᠢᠭ᠎ᠠ ᠰᠣᠷᠣᠭᠴᠢ᠂ ᠲᠥᠷᠥᠯᠬᠢ ᠶᠢᠨ ᠴᠢᠰᠤ ᠳᠤᠲᠠᠬᠤ ᠡᠪᠡᠳᠴᠢᠨ ᠲᠠᠢ᠂ 2020 ᠣᠨ ᠤ 9 ᠳ᠋ᠤᠭᠡᠷ ᠰᠠᠷ᠎ᠠ ᠶᠢᠨ 23 ᠤ ᠡᠳᠦᠷ ᠪᠡᠭᠡᠵᠢᠩ ᠤᠨ ᠬᠡᠤᠬᠡᠳ ᠤᠨ ᠡᠮᠨᠡᠯᠭᠡ ᠶᠢᠨ ᠬᠤᠷᠢᠶᠠᠨ ᠳᠤ ᠡᠮᠨᠡᠯᠭᠡ ᠳᠤ ᠰᠠᠭᠤᠵᠤ ᠡᠮᠨᠡᠭᠦᠯᠬᠦ ᠳᠤ 24 ᠲᠦᠮᠡ ᠭᠠᠷᠤᠶ ᠲᠥᠭᠦᠷᠢᠭ ᠵᠠᠷᠤᠴᠠᠭᠤᠯᠵᠠᠶ᠂ ᠮᠠᠨ ᠤ ᠬᠤᠲᠠ ᠶᠢᠨ ᠤᠤᠯ ᠤᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ 12 ᠲᠦᠮᠡᠨ ᠲᠥᠭᠦᠷᠢᠭ ᠲᠠᠩᠰᠠ ᠲᠠᠶᠢᠯᠤᠭᠰᠠᠨ ᠤ ᠳᠠᠷᠠᠭ᠎ᠠ᠂ ᠲᠣᠭᠲᠠᠭᠠᠯ ᠳᠤ ᠨᠡᠶᠢᠴᠡᠭᠰᠡᠨ 4 ᠲᠦᠮᠡᠨ ᠲᠥᠭᠦᠷᠢᠭ ᠯᠡ ᠬᠦᠨᠳᠦ ᠡᠪᠡᠳᠴᠢᠨ ᠤ ᠳᠠᠭᠠᠳᠬᠠᠯ ᠤᠨ ᠬᠡᠪᠴᠢᠶᠡᠨ ᠳᠤ ᠣᠷᠣᠵᠠᠶ᠂ ᠲᠤᠬᠠᠶᠢᠯᠠᠪᠠᠯ ᠬᠦᠨᠳᠦ ᠡᠪᠡᠳᠴᠢᠨ ᠤ ᠳᠠᠭᠠᠳᠬᠠᠯ ᠳᠤ 1.8 ᠲᠦᠮᠡᠨ ᠲᠥᠭᠦᠷᠢᠭ ᠲᠠᠩᠰᠠ ᠳᠡᠶᠢᠯᠵᠦ᠂ ᠨᠡᠶᠢᠲᠡ 13.8 ᠲᠦᠮᠡᠨ ᠲᠥᠭᠦᠷᠢᠭ ︵12 ᠲᠦᠮᠡᠨ ᠲᠥᠭᠦᠷᠢᠭ + 1.8 ᠲᠦᠮᠡᠨ ᠲᠥᠭᠦᠷᠢᠭ︶ ᠲᠠᠩᠰᠠ ᠳᠡᠶᠢᠯᠵᠦ ᠪᠣᠯᠤᠨ᠎ᠠ᠃ 2021 ᠣᠨ ᠤ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠱᠢ ᠣᠪᠣᠭᠲᠤ ᠲᠣᠭᠲᠠᠭᠠᠯ ᠳᠤ ᠨᠡᠶᠢᠴᠡᠭᠰᠡᠨ 8.5 ᠲᠦᠮᠡᠨ ᠲᠥᠭᠦᠷᠢᠭ ᠤᠨ ᠵᠠᠷᠤᠳᠠᠯ ᠢ ᠬᠦᠨᠳᠦ ᠡᠪᠡᠳᠴᠢᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠵᠤ ᠪᠣᠯᠤᠨ᠎ᠠ᠂ ᠲᠤᠬᠠᠶᠢᠯᠠᠪᠠᠯ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠲᠠᠶᠢᠯᠤᠭᠰᠠᠨ ᠨᠢ 4.6 ᠲᠦᠮᠡᠨ ᠲᠥᠭᠦᠷᠢᠭ ︵ᠢᠯᠡᠭᠦᠤ 2.8 ᠲᠦᠮᠡᠨ ᠲᠥᠭᠦᠷᠢᠭ︶ ᠪᠠᠶᠢᠵᠤ᠂ ᠨᠡᠶᠢᠲᠡ 16.6 ᠲᠦᠮᠡᠨ ᠲᠥᠭᠦᠷᠢᠭ ᠤᠨ ᠲᠠᠩᠰᠠ ᠲᠠᠶᠢᠯᠤᠭᠰᠠᠨ ᠪᠠᠶᠢᠨ᠎ᠠ᠂ ᠡᠨᠡ ᠨᠢ ᠥᠩᠭᠡᠷᠡᠭᠰᠡᠨ ᠤ ᠪᠣᠳᠠᠲᠠᠶ ᠲᠠᠩᠰᠠ ᠲᠠᠶᠢᠯᠤᠭᠰᠠᠨ ᠬᠠᠷᠢᠴᠠᠯ ᠠᠴᠠ ᠠᠷᠪᠠᠨ ᠬᠤᠶᠠᠷ ᠵᠠᠭᠤᠨ ᠤ ᠨᠢᠭᠡᠴᠢ ᠳᠡᠭᠡᠭᠰᠢᠯᠡᠭᠰᠡᠨ ᠪᠠᠶᠢᠨ᠎ᠠ᠃      ᠬᠥᠬᠡᠬᠤᠲᠠ ᠪᠤᠭᠤᠲᠤ ᠤᠷᠳᠤᠰ ᠤᠯᠠᠭᠠᠨᠴᠠᠪ ᠲᠦᠷᠪᠡᠨ ᠬᠤᠳᠠ ᠶᠢᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠨᠢ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ᠳᠤ ᠪᠣᠳᠠᠲᠠᠢ ᠠᠰᠢᠭ ᠬᠦᠷᠲᠡᠭᠡᠵᠦ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠬᠦᠨᠳᠦ ᠡᠪᠡᠳᠴᠢᠨ ᠳᠤ ᠨᠡᠷᠪᠡᠭᠳᠡᠭᠰᠡᠨ ᠠᠵᠤ ᠠᠬᠤᠢ ᠶᠢᠨ ᠳᠠᠷᠤᠭᠠᠰᠤ ᠶᠢ ᠶᠡᠬᠡᠪᠡᠷ ᠬᠥᠩᠭᠡᠷᠡᠭᠦᠯᠵᠦ᠂ ᠡᠪᠡᠳᠴᠢᠨ ᠠᠴᠠ ᠪᠤᠯᠵᠤ ᠶᠠᠳᠠᠭᠤᠷᠠᠬᠤ ᠂ ᠡᠪᠡᠳᠴᠢᠨ ᠠᠴᠠ ᠪᠤᠯᠵᠤ ᠲᠠᠬᠢᠨ ᠶᠠᠳᠠᠭᠤᠷᠠᠬᠤ ᠦᠵᠡᠭᠳᠡᠯ ᠭᠠᠷᠬᠤ ᠦᠭᠡᠢ ᠶᠢ ᠪᠠᠲᠤᠯᠠᠬᠤ ᠶᠢ ᠪᠡᠶᠡᠯᠡᠭᠦᠯᠵᠦ᠂ ᠥᠷᠭᠡᠨ ᠤᠯᠠᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯ ᠤᠨ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号