︽ᠳ᠋ᠧᠯᠲ᠋ᠠ︾ ᠶᠢᠨ ᠲᠤᠬᠠᠢ ᠡᠷᠬᠡ ᠰᠦᠷᠲᠦ ᠬᠠᠷᠢᠭᠤᠯᠲᠠ
ᠨᠡᠶᠢᠲᠡᠯᠡᠭᠰᠡᠨ ᠴᠠᠭ᠄
2021/8/20
      ᠳ᠋ᠧᠯᠲ᠋ᠠ ᠣᠨᠳᠣᠣᠰᠢᠭᠰᠠᠨ ᠸᠢᠷᠦ᠋ᠰ ᠪᠣᠯ ᠣᠳᠣᠬᠠᠨ ᠳᠤ ᠪᠦᠬᠦ ᠪᠥᠮᠪᠥᠷᠴᠡᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠡᠯᠭᠡᠷᠡᠭᠰᠡᠨ ᠭᠤᠣᠯ ᠬᠤᠣᠷᠲᠤ ᠪᠣᠳᠠᠰ ᠪᠣᠯᠤᠨ᠎ᠠ᠃ ᠳ᠋ᠧᠯᠲ᠋ᠠ ᠶᠢᠨ ᠣᠨᠳᠣᠣᠰᠢᠯ ᠤᠨ ᠣᠨᠴᠠᠯᠢᠭ᠂ ᠤᠳᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠦᠲᠦᠮᠵᠢᠲᠡᠢ ᠪᠠᠶᠢᠬᠤ ᠡᠰᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ 8 ᠰᠠᠷ᠎ᠠ ᠶᠢᠨ 5 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠡᠷᠬᠡ ᠰᠦᠷᠲᠦ ᠬᠠᠷᠢᠭᠤᠯᠲᠠ ᠥᠭᠪᠡ᠃        ᠳ᠋ᠧᠯᠲ᠋ᠠ ᠶᠢᠨ ᠣᠨᠳᠣᠣᠰᠢᠭᠰᠠᠨ ᠸᠢᠷᠦ᠋ᠰ ᠢ 2020 ᠣᠨ ᠤ 9 ᠰᠠᠷ᠎ᠠ ᠳᠤ ᠡᠨᠡᠳᠬᠡᠭ ᠲᠤ ᠮᠡᠳᠡᠭᠦᠯᠦᠭᠰᠡᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠠᠴᠠ ᠬᠠᠮᠤᠭ ᠤᠨ ᠠᠩᠬ᠎ᠠ ᠢᠯᠡᠷᠡᠭᠦᠯᠵᠡᠢ᠃ ᠣᠳᠣᠬᠠᠨ ᠳᠤ ᠨᠢᠭᠡᠨᠲᠡ 130  ᠭᠠᠷᠤᠶ‌ᠤᠯᠤᠰ ᠪᠠ ᠭᠠᠵᠠᠷ ᠣᠷᠣᠨ ᠳᠤ ᠲᠠᠷᠬᠠᠵᠤ᠂  ᠪᠥᠬᠦ  ᠳᠡᠯᠡᠬᠡᠶ ᠶᠢᠨ  ᠰᠢᠨ᠎ᠡ  ᠲᠢᠲᠢᠮᠯᠢᠭ  ᠠᠭᠤᠰᠬᠢᠨ  ᠦᠷᠪᠢᠰᠦᠯ ᠶᠡᠭᠡ ᠪᠠᠷ ᠲᠠᠷᠬᠠᠭᠰᠠᠨ ᠭᠤᠤᠯ ᠸᠢᠷᠦ᠋ᠰ ᠪᠣᠯᠵᠣ᠂ ᠲᠣᠰ ᠸᠢᠷᠦ᠋ᠰ ᠨᠢ ᠲᠠᠷᠬᠠᠬᠤ ᠬᠤᠷᠳᠤᠴᠠ ᠲᠦᠷᠭᠡᠨ᠂ ᠪᠡᠶ᠎ᠡ  ᠳᠣᠲᠣᠷ᠎ᠠ ᠦᠷᠡᠵᠢᠬᠦ ᠨᠢ‌‍ᠲ᠋ᠦ᠋ᠷᠭᠡᠨ ᠵᠡᠷᠭᠡ ᠣᠨᠴᠠᠯᠢᠭ ᠲᠠᠢ ᠶᠤᠮ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠤᠯᠪᠣᠭᠳᠠᠯ  ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠢᠯᠡᠳᠦᠯᠭᠡ ᠶᠢᠨ  ᠭᠡᠷᠡᠴᠢᠯᠡᠭᠰᠡᠨ ᠢᠶᠠᠷ᠂ ᠳ᠋ᠧᠯᠲ᠋ᠠ ᠶᠢᠨ ᠣᠨᠳᠣᠣᠰᠢᠭᠰᠠᠨ ᠸᠢᠷᠦ᠋ᠰ ᠨᠢ ᠰᠢᠨ᠎ᠡ ᠲᠢᠲᠢᠮᠯᠢᠭ ᠸᠢᠷᠦ᠋ᠰ ᠤᠨ ᠠᠮᠢᠳᠤ  ᠪᠣᠳᠠᠰ ᠤᠨ  ᠤᠬᠠᠭᠠᠨ ᠤ ᠣᠨᠴᠠᠭᠠᠢ ᠴᠢᠨᠠᠷ ᠲᠤ ᠨᠤᠷᠠᠭᠠᠯᠲᠠ ᠶᠢᠨ ᠴᠢᠨᠠᠷᠲᠠᠢ ᠬᠤᠪᠢᠷᠠᠯᠲᠠ ᠭᠠᠷᠭᠠᠭᠰᠠᠨ ᠦᠭᠡᠢ᠂ ᠬᠠᠯᠳᠠᠪᠤᠷᠢᠯᠠᠬᠤ ᠡᠬᠢ  ᠰᠤᠷᠪᠤᠯᠵᠢ᠂ ᠬᠠᠯᠳᠠᠪᠤᠷᠢᠯᠠᠬᠤ ᠠᠷᠭ᠎ᠠ ᠵᠠᠮ ᠨᠢ ᠦᠨᠳᠦᠰᠦᠨ ᠳᠡᠭᠡᠨ ᠲᠣᠳᠣᠷᠬᠠᠢ᠂ ᠤᠳᠤ ᠶᠢᠨ ᠬᠡᠷᠡᠭᠵᠢᠬᠦᠯᠵᠤ ᠪᠠᠶᠢᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠴᠦ ᠳ᠋ᠧᠯᠲ᠋ᠠ ᠶᠢᠨ ᠣᠨᠳᠣᠣᠰᠢᠭᠰᠠᠨ ᠸᠢᠷᠦ᠋ᠰ ᠢ ᠪᠦᠲᠦᠮᠵᠢᠳᠠᠢ ᠰᠡᠷᠭᠡᠶᠢᠯᠡᠵᠤ ᠴᠢᠳᠠᠨ᠎ᠠ᠃ ᠣᠲᠣ ᠶᠢᠨ ᠸᠠᠺᠼᠢᠨ ᠨᠢ‌ᠮ᠊ ‍ᠥ᠋ᠨ ᠤᠷᠢᠳᠴᠢᠯᠠᠨ ᠰᠡᠷᠭᠡᠶᠢᠯᠡᠬᠦ ᠪᠠ ᠬᠠᠮᠠᠭᠠᠯᠠᠬᠤ ᠦᠢᠯᠡᠳᠦᠯ ᠲᠠᠢ  ᠪᠠᠶᠢᠵᠤ᠂ ᠸᠢᠷᠦ᠋ᠰ ᠤᠨ ᠬᠥᠮᠦᠰ ᠤᠨ ᠳᠤᠮᠳᠠ ᠬᠠᠯᠳᠠᠪᠤᠷᠢᠯᠠᠬᠤ ᠲᠦᠭᠰᠢᠭᠦᠷᠢ ᠶᠢ ᠪᠠᠭᠤᠷᠠᠭᠤᠯᠵᠤ᠂ ᠬᠠᠯᠳᠠᠪᠤᠷᠢᠯᠠᠭᠳᠠᠭᠰᠠᠳ ᠤᠨ  ᠬᠠᠯᠳᠠᠪᠤᠷᠢᠯᠠᠬᠤ ᠬᠦᠴᠦᠨ ᠢ ᠪᠠᠭᠠᠰᠬᠠᠵᠤ᠂ᠬᠠᠯᠳᠠᠪᠤᠷᠢᠯᠠᠭᠰᠠᠨ ᠤ ᠳᠠᠷᠠᠭᠠᠬᠢ ᠬᠦᠨᠳᠦ ᠡᠪᠡᠳᠴᠢᠨ ᠤ ᠡᠭᠦᠰᠬᠦ ᠨᠣᠷᠮ᠎ᠠ ᠪᠠ  ᠡᠪᠡᠳᠴᠢᠨ ᠢᠶᠠᠷ ᠥᠭᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃ ᠲᠦᠷᠦᠭᠦᠦ ᠨᠢᠭᠡ ᠬᠤᠭᠤᠴᠠᠭᠠᠨ ᠳᠤ ᠮᠠᠨ ᠤ ᠤᠯᠤᠰ ᠤᠨ ᠬᠥᠮᠦᠨ ᠠᠮᠠ ᠤᠯᠠᠨ᠂ ᠨᠡᠭᠦᠳᠡᠯ ᠤᠨ ᠴᠢᠨᠠᠷ ᠢᠶᠠᠷ ᠴᠢᠩᠭ᠎ᠠ ᠭᠤᠸᠠᠩᠳᠦ᠋ᠩ ᠮᠤᠵᠢ ᠶᠢᠨ ᠬᠡᠳᠦᠨ ᠲᠤᠰᠬᠠᠶ ᠣᠷᠣᠨ  ᠬᠤᠲᠠ ᠳᠠᠬᠢ ᠳ᠋ᠧᠯᠲ᠋ᠠ ᠵᠢᠨ‌ᠤᠨᠳᠤᠤᠰᠢᠭᠰᠠᠨ ᠸᠢᠷᠦ᠋ᠰ ᠤᠨ ᠲᠤᠰ ᠭᠠᠵᠠᠷ ᠤᠷᠤᠨ ᠤ ᠴᠢᠨᠠᠷᠲᠠᠢ ᠬᠢᠵᠢᠭ ᠤᠨ ᠲᠠᠷᠬᠠᠯᠲᠠ ᠶᠢ   ᠠᠩᠬ᠎ᠠ ᠤᠳᠠᠭ᠎ᠠ‌ᠠᠮᠵᠢᠯᠲᠠ ᠲᠠᠢ ᠬᠤᠷᠢᠭᠯᠠᠵᠤ᠂ ᠸᠠᠺᠼᠢᠨ ᠳᠠᠷᠢᠬᠤ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂  ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ᠂ ᠬᠥᠮᠦᠨ ᠣᠯᠠᠨ ᠴᠤᠭᠯᠠᠷᠠᠬᠤ ᠠᠴᠠ ᠵᠠᠶᠢᠯᠠᠰᠬᠢᠬᠦ  ᠵᠡᠷᠭᠡ  ᠠᠷᠭ᠎ᠠ ᠬᠡᠮᠵᠢᠶ᠎ᠡ  ᠪᠣᠯ ᠮᠥᠨ ᠪᠦᠲᠦᠮᠵᠢᠲᠡᠶ ᠭᠡᠳᠡᠭ ᠢ ᠭᠡᠷᠡᠴᠢᠯᠡᠪᠡ᠃        
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号