8 ᠳ᠋ᠤᠭᠠᠷ ᠰᠠᠷ᠎ᠠ ᠶᠢᠨ 5 ᠤ ᠡᠳᠦᠷ᠂ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠲᠤᠬᠠᠢ ᠶᠢᠨ | ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢ 1 | ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠢᠭᠡᠳᠦᠯᠲᠡᠶ | ᠪᠠᠶᠢᠷᠢᠯᠠᠭᠤᠯᠤᠯᠲᠠ ᠶᠣᠰᠣᠭᠠᠷ᠂ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ ᠳᠠᠷᠤᠶ ᠲᠦᠷᠭᠡᠨ ᠬᠠᠷᠢᠭᠤ | ᠲᠤᠰᠬᠠᠯ ᠭᠠᠷᠭᠠᠵᠤ᠂ ᠲᠣᠰ ᠡᠳᠦᠷ ᠤᠨ ᠦᠳᠡ ᠶᠢᠨ ᠬᠤᠶᠢᠨ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ | ᠡᠮᠴᠢᠯᠡᠭᠡᠨ ᠤ ᠠᠩᠭᠢ ᠪᠠᠶᠢᠭᠤᠯᠵᠤ᠂ ᠬᠠᠶᠢᠯᠠᠷ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ | ᠲᠦᠷᠭᠡᠨ ᠲᠤᠰᠠᠯᠠᠪᠠ᠃ | ᠴᠠᠭ ᠪᠠᠴᠢᠮ ᠡᠭᠦᠷᠭᠡ ᠬᠦᠨᠳᠦ ᠪᠠᠶᠢᠵᠤ᠂ ᠪᠠᠴᠢᠮ ᠮᠡᠳᠡᠭᠳᠡᠯ ᠢ ᠲᠣᠰᠣᠭᠰᠠᠨ ᠤ ᠳᠠᠷᠠᠭ᠎ᠠ᠂ ᠤᠯᠠᠭᠠᠨᠬᠠᠳᠠ | ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠰᠢᠯᠭᠠᠨ ᠪᠠᠶᠢᠴᠠᠭᠠᠬᠤ ᠰᠠᠯᠠᠭ᠎ᠠ ᠪᠣᠯᠤᠨ 120 ᠲᠦᠷᠭᠡᠨ ᠠᠪᠤᠷᠠᠯᠳᠠ ᠶᠢᠨ | ᠲᠥᠪ ᠨᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠡᠮᠴᠢᠯᠡᠭᠡᠨ ᠤ ᠠᠩᠭᠢ ᠶᠢ ᠦᠳᠲᠡᠷ ᠲᠦᠷᠭᠡᠨ | ᠪᠠᠶᠢᠭᠤᠯᠪᠠ᠃ ᠳᠡᠳ᠋ ᠬᠤᠷᠢᠶᠠᠨ ᠳᠠᠷᠤᠭ᠎ᠠ ᠵᠣᠣ ᠡᠦ ᠠᠩᠭᠢ ᠳᠠᠭᠠᠭᠤᠯᠤᠨ ᠥᠪᠥᠷ ᠮᠣᠩᠭᠤᠯ ᠤᠨ ᠵᠡᠭᠦᠨ ᠬᠡᠰᠡᠭ ᠤᠨ | ᠴᠣᠷ ᠤᠨ ᠭᠠᠭᠴᠠ ᠣᠯᠠᠨ ᠨᠡᠶᠢᠲᠡ ᠶᠢᠨ ᠰᠢᠯᠭᠠᠨ ᠪᠠᠶᠢᠴᠠᠭᠠᠬᠤ ᠰᠢᠯᠵᠢᠮᠡᠯ PCR ᠲᠤᠷᠰᠢᠯᠲᠠ ᠶᠢᠨ ᠲᠠᠰᠤᠭ ᠢ | ᠲᠡᠭᠡᠭᠡᠪᠦᠷᠢᠯᠡᠨ ᠬᠠᠶᠢᠯᠠᠷ ᠢ ᠲᠥᠷᠭᠡᠨ ᠲᠤᠰᠠᠯᠠᠪᠠ᠃ ᠪᠥᠭᠡᠮ ᠬᠦᠴᠢᠯ ᠢ ᠰᠢᠯᠭᠠᠨ ᠪᠠᠶᠢᠴᠠᠭᠠᠬᠤ ᠠᠵᠢᠯ ᠤᠨ | ᠳᠤᠭᠤᠶᠢᠯᠠᠩ ᠤᠨ ᠭᠡᠰᠢᠭᠦᠨ ᠳᠤ ᠯᠢ ᠯᠢᠶᠠᠨ ᠶᠢᠥ᠂ ᠽᠦᠸᠧ ᠰᠢᠶᠤᠤ ᠰᠢᠤᠸᠠᠢ᠂ ᠱᠢ ᠭᠤᠸᠠᠩ ᠮᠢᠩ᠂ ᠸᠠᠩ ᠯᠸᠢ᠂ | ᠵᠠᠩ ᠫᠧᠩ ᠨᠠᠷ ᠪᠠᠶᠢᠨ᠎ᠠ︔ ᠰᠢᠯᠵᠢᠮᠡᠯ PCR ᠲᠤᠷᠰᠢᠯᠲᠠ ᠶᠢᠨ ᠲᠠᠰᠤᠭ ᠤᠨ ᠲᠡᠭᠡᠭᠡᠪᠦᠷᠢᠯᠡᠨ ᠬᠦᠷᠭᠡᠬᠦ | ᠠᠵᠢᠯ ᠤᠨ ᠳᠤᠭᠤᠶᠢᠯᠠᠩ ᠤᠨ ᠪᠦᠷᠢᠯᠳᠦᠬᠦᠨ ᠳᠤ ᠯᠢ ᠪᠢᠨ᠂ ᠭᠦᠸᠧ ᠬᠠᠢ ᠪᠥᠸᠧ᠂ ᠸᠠᠩ ᠫᠧᠩ᠂ ᠵᠠᠩ ᠯᠢ ᠸᠧᠢ᠂ | ᠢᠦᠢ ᠴᠢᠩ ᠴᠦᠨ ᠪᠠᠶᠢᠨ᠎ᠠ︔ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠡᠮᠨᠡᠯᠭᠡ ᠶᠢᠨ ᠶᠠᠪᠤᠳᠠᠯ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠭᠠᠵᠠᠷ ᠤᠨ ᠳᠠᠷᠤᠭ᠎ᠠ | ᠡᠤ ᠶᠢᠨ ᠯᠦᠩ ᠠᠩᠭᠢ ᠶᠢ ᠳᠠᠭᠠᠵᠤ ᠠᠵᠢᠯ ᠤᠨ ᠵᠢᠯᠣᠭᠤᠳᠣᠯᠭ᠎ᠠ ᠬᠢᠪᠡ᠃ ᠠᠵᠢᠯᠯᠠᠬᠤ ᠳᠤᠭᠤᠶᠢᠯᠠᠩ ᠳᠤ ᠬᠤᠶᠠᠷ | ᠰᠥᠭᠡᠷᠭᠦ ᠳᠠᠷᠤᠯᠲᠠᠲᠤ ᠲᠡᠷᠭᠡ᠂ ᠨᠢᠭᠡ ᠬᠦᠢᠳᠡᠨ ᠬᠡᠯᠬᠢᠶᠡᠲᠦ ᠲᠡᠷᠭᠡ᠂ ᠨᠢᠭᠡ ᠠᠷᠤ ᠲᠠᠯ᠎ᠠ ᠶᠢᠨ ᠦᠢᠯᠡᠴᠢᠯᠡᠭᠡᠨ ᠤ | ᠪᠠᠲᠤᠯᠠᠪᠤᠷᠢ ᠶᠢᠨ ᠲᠡᠷᠭᠡ ᠲᠣᠬᠢᠷᠠᠭᠤᠯᠵᠤ᠂ ᠡᠭᠦᠷᠭᠡ ᠪᠠᠨ ᠬᠠᠮᠲᠤ ᠪᠠᠷ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠪᠠ᠃ | | ᠮᠣᠷᠳᠠᠭᠰᠠᠨ ᠲᠤᠬᠠᠢ ᠶᠢᠨ ᠤᠷᠤᠢ᠂ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠮᠦᠩᠬᠡᠪᠠᠭᠠᠲᠤᠷ ᠲᠤᠬᠠᠢ ᠶᠢᠨ ᠲᠠᠯᠠᠪᠠᠢ ᠳᠤ | ᠬᠦᠷᠴᠦ ᠰᠢᠯᠭᠠᠨ ᠪᠠᠶᠢᠴᠠᠭᠠᠬᠤ ᠳᠤᠭᠤᠶᠢᠯᠠᠩ ᠤᠨ ᠭᠡᠰᠢᠭᠦᠳ ᠢ ᠵᠣᠷᠢᠭᠵᠢᠭᠤᠯᠵᠤ᠂ ᠬᠤᠳᠠ ᠶᠢᠨ ᠡᠮᠨᠡᠯᠭᠡ ᠶᠢᠨ | ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠡᠮᠴᠢᠯᠡᠭᠡᠨ ᠤ ᠠᠩᠭᠢ ᠶᠢᠨ ᠲᠤᠨᠤᠭ ᠲᠥᠬᠦᠭᠡᠷᠦᠮᠵᠢ᠂ | ᠠᠵᠢᠯᠳᠠᠨ ᠢ ᠨᠠᠷᠢᠨ ᠨᠢᠭᠲᠠ ᠪᠠᠶᠢᠴᠠᠭᠠᠵᠤ ᠲᠤᠬᠢᠷᠠᠭᠤᠯᠪᠠ᠃ ᠬᠠᠶᠢᠯᠠᠷ ᠢ ᠲᠤᠰᠠᠯᠠᠬᠤ ᠪᠠᠷ ᠮᠣᠷᠳᠠᠭᠰᠠᠳ ᠡᠷᠬᠡᠪᠰᠢ | ᠬᠤᠪᠢ ᠬᠥᠮᠦᠨ ᠤ ᠠᠮᠤᠷ ᠲᠦᠪᠰᠢᠨ ᠢ ᠪᠠᠲᠤᠯᠠᠵᠤ᠂ ᠲᠤᠬᠠᠶ ᠶᠢᠨ ᠭᠠᠵᠠᠷ ᠤᠨ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠨᠢᠭᠡᠳᠦᠯᠲᠡᠶ ᠵᠢᠯᠣᠭᠤᠳᠣᠯᠭ᠎ᠠ ᠶᠢ ᠳᠠᠭᠠᠵᠤ᠂ ᠠᠵᠢᠯᠯᠠᠬᠤ ᠴᠣᠪᠣᠷᠠᠯ ᠢ ᠴᠢᠩᠭ᠎ᠠ ᠵᠢᠷᠤᠮᠯᠠᠨ ᠲᠣᠰ | ᠪᠡᠶ᠎ᠡ ᠶᠢᠨ ᠬᠠᠮᠠᠭᠠᠯᠠᠯᠲᠠ ᠶᠢᠨ ᠠᠵᠢᠯ ᠢᠶᠠᠨ ᠰᠠᠶᠢᠲᠤᠷ ᠬᠢᠬᠦ ᠬᠡᠷᠡᠭᠲᠡᠶ ᠭᠡᠵᠦ ᠵᠠᠬᠢᠪᠠ᠃ ᠡᠮᠴᠢᠯᠡᠭᠡᠨ ᠤ ᠠᠩᠭᠢ 22᠄ | 00 ᠴᠠᠭ ᠲᠤ ᠮᠣᠷᠳᠠᠵᠤ᠂ 17 ᠴᠠᠭ ᠬᠠᠭᠠᠰ ᠵᠠᠮᠨᠠᠭᠠᠳ᠂ 8 ᠳ᠋ᠤᠭᠠᠷ ᠰᠠᠷ᠎ᠠ ᠶᠢᠨ 6 ᠤ ᠡᠳᠦᠷ ᠤᠨ 15᠄ 30 | ᠴᠠᠭ ᠲᠤ ᠤᠷᠤᠭᠰᠢᠲᠠᠶ ᠪᠠᠷ ᠬᠠᠶᠢᠯᠠᠷ ᠲᠤ ᠬᠦᠷᠴᠡᠶ᠃ | |