ᠣᠶᠢᠷ᠎ᠠ ᠶᠢᠨ ᠬᠤᠭᠤᠴᠠᠭᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠳ᠋ᠧᠯᠲ᠋ᠠ | ᠣᠨᠳᠣᠣᠰᠢᠭᠰᠠᠨ ᠬᠤᠣᠷᠲᠤ ᠰᠳ᠋ᠷᠡᠶᠢᠨ ᠲᠦᠷᠭᠡᠨ ᠢᠶᠠᠷ ᠳᠡᠯᠭᠡᠷᠡᠵᠦ᠂ ᠤᠯᠤᠰ ᠤᠨ ᠳᠣᠲᠣᠭᠠᠳᠤ ᠶᠢᠨ ᠣᠯᠠᠨ ᠮᠤᠵᠢ | ᠣᠷᠣᠨ ᠳᠤ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢᠯᠡᠷᠡᠵᠦ᠂ ᠬᠢᠵᠢᠭ ᠤᠨ ᠪᠠᠶᠢᠳᠠᠯ ᠬᠦᠨᠳᠦ ᠨᠣᠴᠢᠲᠠᠶ | ᠪᠥᠭᠡᠳ ᠪᠤᠳᠤᠯᠢᠶᠠᠨᠲᠠᠶ ᠪᠣᠯᠵᠠᠢ᠂ ᠬᠤᠲᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠬᠠᠯᠳᠠᠪᠤᠷᠢᠯᠠᠬᠤ ᠶᠢ | ᠡᠵᠡᠮᠳᠡᠬᠦ ᠲᠤᠰᠬᠠᠶ ᠮᠡᠷᠭᠡᠵᠢᠯ ᠤᠨ ᠠᠵᠢᠯᠲᠠᠨ ᠪᠠ ᠬᠢᠨᠠᠯᠲᠠ ᠲᠠᠯᠪᠢᠭᠴᠢ ᠶᠢ ᠰᠤᠭᠤᠴᠢᠨ ᠲᠣᠬᠢᠷᠠᠭᠤᠯᠵᠤ ᠬᠢᠵᠢᠭ ᠤᠨ | ᠪᠠᠶᠢᠳᠠᠯ ᠤᠨ ᠰᠡᠷᠭᠡᠶᠢᠯᠡᠯᠲᠡ ᠡᠵᠡᠮᠳᠡᠯ ᠢ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶ᠎ᠠ | ᠣᠷᠣᠨ ᠤ ᠪᠠᠨ ᠬᠤᠪᠢ ᠶᠢᠨ ᠡᠮᠴᠢᠯᠡᠭᠡᠨ ᠤ ᠪᠠᠶᠢᠭᠤᠯᠤᠮᠵᠢ ᠳᠤ ᠲᠣᠤᠷ ᠲᠠᠲᠠᠬᠤ ᠬᠡᠯᠪᠡᠷᠢ ᠶᠢᠨ ᠬᠢᠨᠠᠯᠲᠠ | ᠪᠠᠶᠢᠴᠠᠭᠠᠯᠲᠠ ᠬᠢᠵᠦ ᠪᠠᠶᠢᠨ᠎ᠠ᠃ | ᠡᠨᠡ ᠤᠳᠠᠭ᠎ᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠳᠤ | ᠭᠤᠣᠯᠳᠠᠯᠭ᠎ᠠ ᠲᠠᠢ ᠬᠢᠨᠠᠯᠲᠠ ᠪᠠᠶᠢᠴᠠᠭᠠᠯᠲᠠ ᠬᠢᠵᠦ᠂ ᠬᠤᠪᠢ ᠶᠢᠨ ᠡᠮᠴᠢᠯᠡᠭᠡᠨ ᠤ ᠭᠠᠵᠠᠷ ︵ᠠᠮᠠᠨ ᠬᠥᠨᠳᠡᠶ ᠶᠢᠨ | ᠡᠮᠴᠢᠯᠡᠭᠡᠨ ᠤ ᠭᠠᠵᠠᠷ ᠪᠠᠭᠲᠠᠨ᠎ᠠ︶ ᠤᠨ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠳᠦᠷᠢᠮ ᠢ | ᠬᠡᠷᠡᠭᠵᠢᠭᠦᠯᠵᠦ ᠪᠠᠶᠢᠭ᠎ᠠ ᠪᠠᠶᠢᠳᠠᠯ᠂ ᠠᠩᠬ᠎ᠠ ᠣᠨᠤᠰᠢᠯᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ | ᠪᠠᠶᠢᠭ᠎ᠠ ᠪᠠᠶᠢᠳᠠᠯ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠴᠠ ᠶᠢᠨ ᠳᠠᠷᠤᠮᠠᠯᠯᠠᠨ ᠲᠠᠷᠬᠠᠭᠠᠭᠰᠠᠨ ︽ᠡᠮᠴᠢᠯᠡᠭᠡᠨ ᠤ ᠭᠠᠵᠠᠷ ᠵᠡᠷᠭᠡ ᠡᠮᠴᠢᠯᠡᠭᠡᠨ ᠤ ᠪᠠᠶᠢᠭᠤᠯᠤᠮᠵᠢ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ | ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ ᠪᠠᠶᠢᠭ᠎ᠠ ᠡᠰᠡᠬᠦ᠂ ᠵᠢᠴᠢ ᠬᠠᠯᠠᠭᠤᠷᠠᠭᠰᠠᠨ ᠡᠪᠡᠳᠴᠢᠲᠡᠨ ᠢ ᠲᠦᠷ | ᠴᠠᠭ ᠤᠨ ᠲᠤᠰᠠᠭᠠᠷᠯᠠᠨ ᠪᠠᠶᠢᠴᠠᠭᠠᠬᠤ ᠲᠠᠰᠤᠭ ᠲᠣᠬᠢᠷᠠᠭᠤᠯᠤᠭᠰᠠᠨ ᠪᠠᠶᠢᠳᠠᠯ᠂ ᠡᠮᠴᠢ ᠰᠤᠪᠢᠯᠠᠭᠴᠢ ᠶᠢᠨ ᠬᠤᠪᠢ | ᠬᠥᠮᠦᠨ ᠤ ᠰᠡᠷᠭᠡᠶᠢᠯᠡᠨ ᠬᠠᠮᠠᠭᠠᠯᠠᠯᠲᠠ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠸᠠᠺᠼᠢᠨ ᠤ ᠲᠠᠷᠢᠯᠭ᠎ᠠ | ᠬᠢᠭᠰᠡᠨ ᠪᠠᠶᠢᠳᠠᠯ᠂ ᠤᠷᠢᠳᠴᠢᠯᠠᠨ ᠪᠣᠯᠵᠣᠵᠤ ᠣᠨᠣᠰᠢᠯᠠᠨ ᠡᠮᠨᠡᠭᠦᠯᠬᠦ ᠪᠠ ︽ᠨᠢᠭᠡ ᠡᠮᠴᠢ ᠨᠢᠭᠡ ᠡᠪᠡᠳᠴᠢᠲᠡᠨ ᠢ | ᠨᠢᠭᠡ ᠥᠷᠥᠭᠡ ᠳᠤ ᠣᠨᠤᠰᠢᠯᠠᠨ ᠡᠮᠨᠡᠬᠦ︾ ᠶᠢ ᠬᠡᠷᠡᠭᠵᠢᠭᠦᠯᠵᠦ ᠪᠠᠶᠢᠭ᠎ᠠ ᠪᠠᠶᠢᠳᠠᠯ᠂ ᠡᠮᠴᠢᠯᠡᠭᠡᠨ ᠤ ᠬᠠᠶᠠᠭᠳᠠᠮᠠᠯ | ᠪᠣᠳᠠᠰ ᠢ ᠲᠥᠷᠥᠯ ᠬᠤᠪᠢᠶᠠᠨ ᠬᠤᠷᠢᠶᠠᠨ ᠴᠤᠭᠯᠠᠭᠤᠯᠵᠤ ᠰᠢᠢᠳᠪᠦᠷᠢᠯᠡᠵᠦ ᠪᠠᠶᠢᠭ᠎ᠠ ᠪᠠᠶᠢᠳᠠᠯ᠂ ᠠᠷᠢᠭᠤᠳᠬᠠᠵᠤ | ᠲᠤᠰᠠᠭᠠᠷᠯᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠠᠤᠯᠢ ᠶᠣᠰᠣᠭᠠᠷ ᠠᠵᠢᠯ ᠡᠷᠭᠢᠯᠡᠬᠦ ᠪᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠵᠡᠷᠭᠡ ᠲᠠᠯ᠎ᠠ ᠪᠠᠷ ᠲᠤᠬᠠᠶ ᠶᠢᠨ ᠲᠠᠯᠠᠪᠤᠷ ᠲᠤ | ᠬᠢᠨᠠᠯᠲᠠ ᠪᠠᠶᠢᠴᠠᠭᠠᠯᠲᠠ ᠬᠢᠪᠠ᠃ ᠰᠢᠮᠳᠠᠭᠤᠯᠤᠨ ᠪᠠᠶᠢᠴᠠᠭᠠᠬᠤ ᠶᠢᠨ ᠵᠡᠷᠭᠡ ᠳᠤ᠂ ᠡᠯ᠎ᠡ ᠡᠮᠴᠢᠯᠡᠭᠡᠨ ᠤ | ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠠᠯᠠᠯᠲᠠ ᠶᠢᠨ ᠪᠢᠴᠢᠭ | ︾ ᠲᠤ ᠭᠠᠷ ᠤᠨ ᠥᠰᠥᠭ ᠵᠢᠷᠤᠭᠤᠯᠬᠤ ᠶᠢ ᠱᠠᠭᠠᠷᠳᠠᠵᠤ᠂ ᠠᠮᠠᠯᠠᠯᠲᠠ ᠬᠢᠭᠰᠡᠨ ᠪᠠᠶᠢᠭᠤᠯᠤᠮᠵᠢ ᠵᠢᠴᠢ ᠡᠮᠨᠡᠯᠭᠡ ᠶᠢᠨ | ᠠᠵᠢᠯᠲᠠᠳ ᠠᠮᠠᠯᠠᠯᠲᠠ ᠶᠢᠨ ᠠᠭᠤᠯᠭ᠎ᠠ ᠶᠢ ᠴᠢᠩᠭ᠎ᠠ ᠵᠢᠷᠤᠮᠯᠠᠨ ᠣᠨᠣᠰᠢᠯᠠᠨ ᠡᠮᠨᠡᠬᠦ ᠠᠵᠢᠯᠯᠠᠭ᠎ᠠ ᠦᠷᠨᠢᠭᠦᠯᠵᠦ᠂ | ᠲᠣᠭᠲᠠᠭᠠᠯ ᠠᠴᠠ ᠵᠦᠷᠢᠴᠡᠭᠰᠡᠨ ᠪᠠᠶᠢᠪᠠᠯ ᠲᠣᠰ ᠪᠠᠶᠢᠭᠤᠯᠤᠮᠵᠢ ᠪᠣᠯᠤᠨ ᠬᠠᠮᠢᠶ᠎ᠠ ᠪᠥᠬᠦᠶ ᠬᠥᠮᠦᠰ ᠰᠠᠶᠢᠨ | ᠳᠤᠷ᠎ᠠ ᠠᠴᠠ ᠪᠠᠨ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ ᠭᠡᠵᠦ ᠵᠠᠯᠭᠠᠭ᠎ᠠ ᠪᠠᠷ ᠢᠯᠡᠷᠬᠡᠶᠢᠯᠡᠵᠡᠭᠡᠭᠰᠡᠨ ᠪᠠᠶᠢᠨ᠎ᠠ᠃ | | ᠲᠣᠰ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠬᠢᠬᠦ ᠬᠠᠤᠯᠢ ᠬᠡᠷᠡᠭᠵᠢᠭᠦᠯᠬᠦ ᠠᠵᠢᠯᠲᠠᠳ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ ᠠᠴᠠ | ᠲᠤᠬᠠᠶ ᠶᠢᠨ ᠲᠠᠯᠠᠪᠤᠷ ᠲᠤ ᠴᠡᠭᠴᠡᠯᠡᠨ ᠵᠠᠰᠠᠬᠤ ᠰᠠᠨᠠᠯ ᠳᠤᠷᠠᠳᠴᠤ᠂ ᠳᠠᠷᠦ᠋ᠢᠬᠠᠨ ᠴᠡᠭᠴᠡᠯᠡᠨ ᠵᠠᠰᠠᠬᠤ ᠶᠢ ᠱᠠᠭᠠᠷᠳᠠᠪᠠ | ︔ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠭ᠎ᠠ | ᠨᠢᠭᠡᠴᠢ ᠳᠤ ᠴᠢᠭᠯᠡᠭᠦᠯᠦᠨ ᠬᠠᠤᠯᠢ ᠲᠣᠭᠲᠠᠭᠠᠯ ᠶᠣᠰᠣᠭᠠᠷ ᠠᠵᠢᠯ ᠢ ᠨᠢ ᠵᠣᠭᠰᠣᠭᠠᠨ ᠴᠡᠭᠴᠡᠯᠡᠵᠦ᠂ ᠴᠡᠭᠴᠡᠯᠡᠨ | ᠰᠠᠶᠢᠵᠢᠷᠠᠭᠤᠯᠤᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠡᠮᠴᠢᠯᠡᠭᠡ ᠬᠢᠬᠦ ᠪᠠᠨ ᠰᠡᠷᠭᠦᠭᠡᠵᠦ ᠪᠣᠯᠤᠨ᠎ᠠ ᠭᠡᠵᠦ | ᠲᠣᠭᠲᠠᠭᠠᠪᠠ᠃ |