ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠰᠦᠯᠵᠢᠶᠡᠨ ᠳᠤ ᠬᠤᠯᠪᠤᠬᠤ ᠦᠢᠯᠡᠳᠭᠦᠨ ︵ᠳᠥᠷᠪᠡᠳᠦᠭᠡᠷ ᠪᠦᠯᠦᠭ︶ ᠢ ᠢᠯᠡ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/8/24
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠰᠦᠯᠵᠢᠶᠡᠨ ᠳᠤ ᠬᠤᠯᠪᠤᠬᠤ ᠦᠢᠯᠡᠳᠭᠦᠨ ︵ᠳᠥᠷᠪᠡᠳᠦᠭᠡᠷ ᠪᠦᠯᠦᠭ︶ ᠢ ᠢᠯᠡ ᠨᠡᠶᠢᠲᠡᠯᠡᠬᠦ ᠲᠤᠬᠠᠶ ᠮᠡᠳᠡᠭᠳᠡᠯ                        ᠥᠪᠥᠷ ᠡᠮ  ᠬᠤᠳᠠᠯᠳᠤᠨ ᠠᠪᠬᠤ ᠲᠥᠪ ᠦᠰᠦᠭ  ﹇2021﹈ 162 ᠳ᠋ᠤᠭᠠᠷ ᠲᠣᠭᠠᠲᠤ ᠡᠯ᠎ᠡ ᠬᠠᠮᠢᠶ᠎ᠠ ᠪᠥᠬᠦᠶ ᠨᠢᠭᠡᠴᠢ᠄      ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠬᠤᠯᠪᠣᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ  ﹇2021﹈ 90 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠮᠡᠳᠡᠭᠡ ᠵᠠᠩᠭᠢ ︵ᠳᠥᠷᠪᠡᠳᠦᠭᠡᠷ ᠪᠦᠯᠦᠭ︶ ᠶᠢ ᠢᠯᠡ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂ ᠢᠯᠡ ᠨᠡᠶᠢᠲᠡᠯᠡᠬᠦ ᠠᠭᠤᠯᠭ᠎ᠠ      ᠠᠵᠤ ᠠᠬᠤᠶᠢᠯᠠᠯ ᠠᠴᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠪᠦᠲᠦᠭᠡᠭᠳᠡᠬᠦᠨ ᠤ ᠮᠡᠳᠡᠭᠡ ᠵᠠᠩᠭᠢ ᠪᠠᠨ  ᠮᠡᠳᠡᠭᠦᠯᠦᠨ᠎ᠡ᠃ ᠪᠣᠶ ᠪᠥᠬᠦᠶ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠥᠪᠥᠷ ᠮᠣᠩᠭᠤᠯ ᠤᠨ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶᠡᠨ ᠤ ᠪᠠᠯᠠ ᠮᠥᠩᠭᠦ ᠶᠢ ᠬᠢᠨᠠᠬᠤ ᠰᠢᠰᠲ᠋ᠧᠮ ᠳᠤ ᠣᠷᠣᠵᠤ ᠮᠡᠳᠡᠭᠡ ᠵᠠᠩᠭᠢ ᠶᠢ ᠪᠠᠶᠢᠴᠠᠭᠠᠨ ᠦᠵᠡᠵᠦ ᠪᠤᠯᠤᠨ᠎ᠠ᠃      ᠬᠤᠶᠠᠷ᠂ ᠢᠯᠡ ᠨᠡᠶᠢᠲᠡᠯᠡᠬᠦ ᠴᠠᠭ      2021 ᠣᠨ ᠤ 8 ᠳ᠋ᠤᠭᠠᠷ ᠰᠠᠷ᠎ᠠ ᠶᠢᠨ 20 — 8 ᠳ᠋ᠤᠭᠠᠷ ᠰᠠᠷ᠎ᠠ ᠶᠢᠨ 27 ᠤ ᠡᠳᠦᠷ ᠪᠤᠯᠳᠠᠯ᠎ᠠ᠃      ᠭᠤᠷᠪᠠ᠂ ᠪᠤᠰᠤᠳ ᠵᠦᠢᠯ      ︵ᠨᠢᠭᠡ︶ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ ᠤᠳ ᠬᠡᠷᠪᠡ ᠵᠠᠷᠯᠠᠨ ᠨᠡᠶᠢᠲᠡᠯᠡᠭᠰᠡᠨ ᠮᠡᠳᠡᠭᠡ ᠵᠠᠩᠭᠢ ᠵᠢᠴᠢ  ᠦᠢᠯᠡᠳᠭᠦᠨ ᠤ ᠦᠨ᠎ᠡ ᠬᠠᠩᠰᠢ ᠳᠤ ᠣᠨᠳᠣᠤ ᠰᠠᠨᠠᠯ ᠲᠠᠢ ᠪᠠᠶᠢᠪᠠᠯ᠂ ︽ᠬᠡᠨ ᠵᠣᠷᠢᠪᠠᠯ ᠲᠡᠷᠡ ᠭᠡᠷᠡᠴᠢ ᠳᠤᠷᠠᠳᠬᠤ︾ ᠵᠠᠷᠴᠢᠮ ᠶᠣᠰᠣᠭᠠᠷ᠂ ᠦᠨᠡᠨ ᠪᠣᠳᠠᠲᠠᠶ ᠬᠦᠴᠦᠨ ᠪᠦᠬᠦᠢ᠂ ᠪᠦᠷᠢᠨ ᠭᠦᠢᠴᠡᠳ ᠭᠡᠷᠡᠴᠢᠯᠡᠬᠦ ᠮᠠᠲ᠋ᠧᠷᠢᠶᠠᠯ ᠢ ᠬᠠᠩᠭᠠᠵᠤ ᠰᠠᠨᠠᠯ ᠲᠤᠷᠠᠳᠴᠦ ᠪᠤᠯᠤᠨ᠎ᠠ᠂ ᠬᠤᠭᠤᠴᠠᠭ᠎ᠠ ᠠᠴᠠ ᠪᠠᠨ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠲᠤᠰᠢᠶᠠᠭᠰᠠᠨ ᠥᠬᠡᠶ ᠪᠠᠶᠢᠪᠠᠯ ᠭᠥᠯᠢᠶᠡᠨ ᠠᠪᠴᠤ ᠰᠢᠢᠳᠪᠦᠷᠢᠯᠡᠬᠦ ᠥᠬᠡᠶ᠃      ︵ᠬᠤᠶᠠᠷ︶ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ︵ᠵᠠᠭᠠᠯᠳᠤᠬᠤ︶ ᠮᠠᠲ᠋ᠧᠷᠢᠶᠠᠯ ᠳᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾ ︵ᠳᠠᠭᠠᠯᠳᠤᠭᠤᠯᠤᠯ 1︶᠂ ︽ᠬᠠᠤᠯᠢ ᠶᠢᠨ ᠡᠷᠬᠡᠳᠡᠨ ᠤ ᠡᠷᠬᠡ ᠣᠯᠭᠤᠬᠤ ᠪᠢᠴᠢᠭ︾ ︵ᠳᠠᠭᠠᠯᠳᠤᠭᠤᠯᠤᠯ 2︶᠂ ︽ᠪᠠᠶᠢᠳᠠᠯ ᠤᠨ ᠲᠣᠳᠣᠷᠬᠠᠶᠢᠯᠠᠯᠲᠠ︾ ᠪᠣᠯᠤᠨ ᠬᠠᠮᠢᠶ᠎ᠠ ᠪᠥᠬᠦᠶ ᠲᠣᠳᠣᠷᠬᠠᠶ ᠪᠥᠭᠡᠳ ᠬᠦᠴᠦᠨ ᠲᠠᠢ ᠭᠡᠷᠡᠴᠢᠯᠡᠬᠦ ᠮᠠᠲ᠋ᠧᠷᠢᠶᠠᠯ ᠪᠠᠭᠲᠠᠨ᠎ᠠ᠃      ︵ᠭᠤᠷᠪᠠ︶  ᠲᠤᠰᠢᠶᠠᠬᠤ ᠠᠷᠭ᠎ᠠ ᠮᠠᠶ᠋ᠢᠭ᠄ ᠡᠯ᠎ᠡ ᠠᠵᠤ ᠠᠬᠤᠶᠢᠯᠠᠯ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠪᠠᠷ ᠭᠤᠶᠤᠴᠢᠯᠠᠬᠤ ︵ᠵᠠᠭᠠᠯᠳᠤᠬᠤ︶ ᠲᠤᠬᠠᠶᠢᠯᠠᠭᠰᠠᠨ ᠠᠵᠢᠯ ᠤᠨ ᠲᠤᠬᠠᠶ ᠶᠢᠨ ᠲᠠᠯᠠᠪᠠᠶ ᠶᠢᠨ ᠲᠤᠰᠢᠶᠠᠨ ᠥᠭᠬᠦ ᠮᠠᠲ᠋ᠧᠷᠢᠶᠠᠯ ᠤᠨ ᠲᠥᠷᠥᠯ ᠵᠦᠢᠯ ᠵᠢᠴᠢ ᠲᠣᠳᠣᠷᠬᠠᠶᠢᠯᠠᠯᠲᠠ ︵ᠵᠠᠰᠠᠪᠤᠷᠢ ᠣᠷᠣᠭᠤᠯᠤᠭᠰᠠᠨ ᠬᠡᠪᠯᠡᠯ︶︾ ᠤᠨ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ︵http://ylbzj.nmg.gov.cn/yycgw/ycw_bsdt/bllc/︶ ᠶᠢ ᠪᠡᠯᠡᠳᠬᠡᠨ᠎ᠡ᠃ ᠭᠥᠯᠢᠶᠡᠨ ᠠᠪᠴᠤ  ᠰᠢᠢᠳᠪᠦᠷᠢᠯᠡᠬᠦ ᠵᠢᠴᠢ ᠲᠤᠰᠢᠶᠠᠬᠤ ᠠᠷᠭ᠎ᠠ ᠮᠠᠶ᠋ᠢᠭ ᠢ ︽ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇2021﹈ 161 ᠳ᠋ᠤᠭᠡᠷ ᠲᠣᠭᠠᠲᠤ︶ ᠤᠨ ᠶᠣᠰᠣᠭᠠᠷ ᠠᠵᠢᠯᠯᠠᠭᠤᠯᠤᠨ᠎ᠠ᠃ Http://ylbzj.nmg.gov.cn/yycgw/ycw_tzgg/ycw_qb/202108/t20210817_1806570.html      ︵ᠳᠥᠷᠪᠡ︶ ᠢᠯᠡ ᠨᠡᠶᠢᠲᠡᠯᠡᠬᠦ ᠬᠤᠭᠤᠴᠠᠭᠠᠨ ᠳᠤ᠂ ᠠᠵᠤ ᠠᠬᠤᠶᠢᠯᠠᠯ ᠤᠳ ᠥᠪᠥᠷ ᠮᠣᠩᠭᠤᠯ ᠤᠨ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠤᠨ ᠲᠠᠪᠴᠠᠩ ᠳᠤ ᠭᠠᠷᠴᠤ ᠢᠯᠡ ᠨᠡᠶᠢᠲᠡᠯᠡᠭᠰᠡᠨ ᠦᠷ᠎ᠡ ᠳ᠋ᠦᠩ ᠢ ᠪᠠᠶᠢᠴᠠᠭᠠᠨ ᠦᠵᠡᠵᠦ ᠪᠣᠯᠤᠨ᠎ᠠ᠂ ᠢᠯᠡ ᠨᠡᠶᠢᠳᠡᠯᠡᠯ ᠳᠤ ᠣᠨᠳᠣᠤ ᠰᠠᠨᠠᠯ ᠥᠬᠡᠶ ᠦᠢᠯᠡᠳᠭᠦᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠭᠦᠨ ᠤ  ᠠᠷᠠᠯᠵᠢᠶᠠᠯᠠᠬᠤ ᠬᠥᠮᠥᠷᠭᠡ ᠳᠤ ᠣᠷᠣᠭᠤᠯᠤᠨ᠎ᠠ᠃      ᠳᠥᠷᠪᠡ᠂ ᠬᠠᠷᠢᠯᠴᠠᠬᠤ ᠠᠷᠭ᠎ᠠ ᠮᠠᠶ᠋ᠢᠭ      0471 — 4919735 ︵ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ︶      0471 — 4907267 ︵ᠲᠤᠬᠠᠶᠢᠯᠠᠭᠰᠠᠨ ᠠᠵᠢᠯ ᠤᠨ ᠯᠠᠪᠯᠠᠯᠭ᠎ᠠ︶      ᠳᠠᠭᠠᠯᠳᠤᠭᠤᠯᠤᠯ᠄      1᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ      2᠂ ᠬᠠᠤᠯᠢ ᠶᠢᠨ ᠡᠷᠬᠡᠳᠡᠨ ᠤ ᠡᠷᠬᠡ ᠣᠯᠭᠤᠬᠤ ᠪᠢᠴᠢᠭ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号