ᠪᠥᠬᠦ ᠣᠷᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠬᠡᠷ ᠪᠦᠯᠢ ᠪᠠᠷ ᠢᠶᠠᠨ ᠬᠠᠷᠢᠯᠴᠠᠨ ᠬᠠᠷᠠᠭᠠᠯᠵᠠᠵᠤ ᠬᠡᠷᠡᠭᠯᠡᠬᠦ ᠶᠢ ᠭᠠᠷᠲᠠᠨ ᠭᠦᠢᠴᠡᠳᠭᠡᠬᠦ  ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/8/25
      ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄      ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽2021 ᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠳᠠᠭᠠᠳᠬᠠᠯ ᠠᠯᠪᠠᠨ ᠥᠰᠥᠭ  ﹇2021﹈ 71 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠤ ᠣᠷᠣᠭᠤᠯᠬᠤ ᠠᠴᠠ ᠡᠮᠦᠨ᠎ᠡ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠪᠠᠷ ᠢᠶᠠᠨ ᠬᠠᠷᠢᠯᠴᠠᠨ ᠬᠠᠷᠠᠭᠠᠯᠵᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠬᠡᠷ ᠪᠦᠯᠢ ᠪᠠᠷ ᠢᠶᠠᠨ ᠬᠠᠷᠢᠯᠴᠠᠨ ᠬᠠᠷᠠᠭᠠᠯᠵᠠᠬᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠴᠤᠪᠤᠷᠠᠯ ᠢ ᠳᠣᠤᠷᠠᠬᠢ ᠮᠡᠲᠦ ᠲᠤᠬᠢᠷᠠᠭᠤᠯᠪᠠ᠄      ᠨᠢᠭᠡ᠂ ᠣᠳᠣᠬᠠᠨ ᠳᠤ ᠤᠤᠯ ᠤᠨ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠳᠤ ᠡᠮᠴᠢᠯᠡᠭᠡᠨ ᠤ ᠲᠥᠷᠥᠯ ᠵᠦᠢᠯ ᠨᠢ ︿98 ᠲᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ﹀ ᠬᠤᠶᠠᠳᠤᠭᠠᠷ ᠳᠡᠰ ᠤᠨ ᠣᠷᠣᠯᠠᠬᠤ ᠨᠣᠮᠧᠷ ᠢ ᠰᠢᠨ᠎ᠡ ᠪᠠᠷ ᠨᠡᠮᠡᠪᠡ᠂ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠴᠢᠭ ᠲᠤᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠴᠤ᠂ ᠬᠠᠮᠤᠭ ᠤᠨ ᠰᠢᠨ᠎ᠡ ᠵᠠᠯᠭᠠᠭᠠᠰᠤ ᠶᠢᠨ ᠪᠢᠴᠢᠭᠯᠡᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠭ ᠲᠤᠭᠳᠠᠭᠠᠭᠰᠠᠨ ᠡᠮᠨᠡᠯᠭᠡ ᠶᠢᠨ ᠬᠤᠷᠢᠶ᠎ᠠ ᠶᠢᠨ ᠵᠠᠯᠭᠠᠭᠠᠰᠤ ᠶᠢᠨ ᠵᠢᠷᠤᠮᠵᠢᠯ v3.08.pdf︾ ︵ᠳᠠᠭᠠᠯᠳᠤᠭᠤᠯᠤᠯ 1︶ ᠢ ᠦᠨᠳᠦᠰᠦᠯᠡᠨ ᠡᠮᠨᠡᠯᠭᠡ ᠶᠢᠨ ᠬᠤᠷᠢᠶ᠎ᠠ ᠶᠢᠨ ᠨᠡᠶᠢᠳᠡ ᠶᠢᠨ ᠲᠠᠪᠴᠠᠩ ᠤᠨ ᠵᠣᠬᠢᠴᠠᠩᠭᠤᠶ ᠲᠠᠰ ᠳᠠᠷᠠᠭᠠᠯᠠᠯ ᠳᠤ ᠲᠣᠬᠢᠷᠠᠭᠤᠯᠤᠯᠲᠠ ᠬᠢᠬᠦ ᠬᠡᠷᠡᠭᠲᠡᠶ᠃      ᠬᠤᠶᠠᠷ᠂ ᠡᠪᠡᠳᠴᠢᠲᠡᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠦᠵᠡᠭᠦᠯᠬᠦ ᠦᠶ᠎ᠡ ᠳᠤ ᠂ ᠬᠡᠷᠪᠡ ᠬᠤᠪᠢ ᠬᠥᠮᠦᠨ ᠤ ᠲᠠᠩᠰᠠᠨ ᠡᠷᠦᠬᠡ ᠶᠢ ᠬᠡᠷ ᠪᠦᠯᠢ ᠪᠠᠷ ᠢᠶᠠᠨ ᠬᠠᠷᠠᠭᠠᠯᠵᠠᠬᠤ ᠴᠢᠬᠤᠯᠠᠲᠠᠶ ᠪᠣᠯ᠂ ᠡᠷᠬᠡ ᠣᠯᠭᠤᠭᠴᠢ ᠨᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠥᠬᠦᠶ ᠴᠣᠩᠬᠤᠨ ᠳᠤ ︽ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠠᠩᠰᠠᠨ ᠡᠷᠦᠬᠡ ᠶᠢ ᠬᠠᠮᠲᠤᠪᠠᠷ ᠬᠠᠷᠠᠭᠠᠯᠵᠠᠬᠤ ᠡᠷᠬᠡ ᠣᠯᠭᠤᠵᠤ ᠬᠡᠷᠡᠭᠯᠡᠭᠦᠯᠬᠦ ᠠᠮᠠᠯᠠᠯᠲᠠ ᠶᠢᠨ ᠪᠢᠴᠢᠭ︾ ︵ᠳᠠᠭᠠᠯᠳᠤᠭᠤᠯᠤᠯ 2︶ ᠢ ᠲᠠᠭᠯᠠᠨ ᠪᠢᠴᠢᠬᠦ ᠶᠢᠨ ᠬᠠᠮᠲᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠣᠭ ᠮᠠᠲ᠋ᠧᠷᠢᠶᠠᠯ ᠢ ᠬᠠᠩᠭᠠᠵᠤ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠡᠷᠬᠡ ᠣᠯᠭᠤᠭᠴᠢ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠦᠯᠡᠳᠡᠪᠦᠷᠢ ᠲᠤᠭ᠎ᠠ ᠶᠢ ᠤᠩᠰᠢᠬᠤ ᠶᠢᠨ ᠬᠠᠮᠲᠤ ᠦᠯᠡᠳᠡᠪᠦᠷᠢ ᠲᠤᠭ᠎ᠠ ᠶᠢ ᠡᠷᠬᠡ ᠣᠯᠭᠤᠭᠴᠢ ᠳᠤ ᠮᠡᠳᠡᠭᠳᠡᠨ᠎ᠡ᠃      ᠭᠤᠷᠪᠠ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠡᠪᠡᠳᠴᠢᠲᠡᠨ ᠤ ᠲᠣᠰ ᠭᠠᠵᠠᠷ ᠲᠤ ᠡᠮᠨᠡᠭᠦᠯᠦᠭᠰᠡᠨ ᠡᠮᠴᠢᠯᠡᠭᠡᠨ ᠤ ᠵᠠᠷᠤᠳᠠᠯ ᠢ ᠤᠷᠢᠳᠴᠢᠯᠠᠨ ᠳ᠋ᠦᠩᠨᠡᠨ ᠪᠤᠳᠤᠵᠤ᠂ ᠪᠡᠯᠡᠨ ᠵᠣᠭᠤᠰ ᠢᠶᠠᠷ ᠳᠥᠯᠥᠬᠦ ᠴᠢᠬᠤᠯᠠᠲᠠᠶ ᠵᠣᠭᠤᠰ ᠤᠨ ᠲᠤᠭ᠎ᠠ ᠶᠢ ᠨᠤᠲᠠᠯᠠᠬᠤ ᠶᠢᠨ ᠬᠠᠮᠲᠤ ᠡᠷᠬᠡ ᠣᠯᠭᠤᠭᠰᠠᠨ ᠬᠥᠮᠦᠨ ᠳᠤ ᠮᠡᠳᠡᠭᠳᠡᠨ᠎ᠡ᠃ ᠡᠷᠬᠡ ᠣᠯᠭᠤᠭᠴᠢ ᠨᠢ ᠪᠡᠯᠡᠨ ᠵᠣᠭᠤᠰ ᠢᠶᠠᠷ ᠥᠭᠬᠦ ᠵᠣᠭᠤᠰ ᠤᠨ ᠲᠤᠭ᠎ᠠ ᠪᠣᠯᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠦᠯᠡᠳᠡᠪᠦᠷᠢ ᠲᠤᠭ᠎ᠠ ᠶᠢ ᠦᠨᠳᠦᠰᠦᠯᠡᠨ ᠣᠷᠣᠯᠠᠨ ᠰᠠᠭᠤᠯᠭᠠᠨ ᠠᠪᠬᠤ ᠵᠣᠭᠤᠰ ᠤᠨ ᠲᠤᠭ᠎ᠠ ᠶᠢ ᠲᠤᠭᠳᠠᠭᠠᠨ᠎ᠠ᠃      ᠳᠥᠷᠪᠡ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠡᠷᠬᠡ ᠣᠯᠭᠤᠭᠰᠠᠨ ᠬᠥᠮᠦᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠤᠩᠰᠢᠵᠤ᠂ ᠡᠮᠴᠢᠯᠡᠭᠡᠨ ᠤ ᠲᠥᠷᠥᠯ ᠵᠦᠢᠯ ᠢ ︽ᠲᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ︾ ︵ᠲᠣᠰ ᠲᠥᠷᠥᠯ ᠵᠦᠢᠯ ᠨᠢ ᠲᠣᠰ ᠤᠳᠠᠭ᠎ᠠ ᠰᠢᠨ᠎ᠡ ᠪᠠᠷ ᠨᠡᠮᠡᠭᠳᠡᠭᠰᠡᠨ ᠡᠮᠴᠢᠯᠡᠭᠡᠨ ᠤ ᠲᠥᠷᠥᠯ ᠵᠦᠢᠯ ᠪᠣᠯᠤᠨ᠎ᠠ︶ ᠪᠠᠷ ᠡᠮᠨᠡᠭᠦᠯᠬᠦ ᠳᠡᠩᠰᠡᠯᠡᠯᠲᠡ ᠬᠢᠯᠭᠡᠨ᠎ᠡ᠃ ᠡᠷᠬᠡ ᠣᠯᠭᠤᠭᠴᠢ ᠶᠢᠨ ᠨᠤᠲᠠᠯᠠᠭᠰᠠᠨ ᠣᠷᠣᠯᠠᠨ ᠰᠠᠭᠤᠯᠭᠠᠨ ᠠᠪᠤᠭᠰᠠᠨ ᠵᠣᠭᠤᠰ ᠤᠨ ᠲᠤᠭ᠎ᠠ ᠶᠢᠨ ᠶᠣᠰᠣᠭᠠᠷ ᠬᠥᠬᠡ ᠲᠥᠷᠥᠯ ᠤᠨ ᠭᠠᠷᠴᠠᠭ ᠲᠤ ᠰᠦᠢᠳᠭᠡᠯ ᠲᠤᠰᠢᠶᠠᠬᠤ ᠶᠢ ᠵᠦᠪᠰᠢᠶᠡᠷᠡᠭᠦᠯᠵᠦ᠂ ᠰᠦᠢᠳᠭᠡᠯ ᠲᠤᠰᠢᠶᠠᠬᠤ ᠶᠢ ᠵᠥᠪᠰᠢᠶᠡᠷᠡᠭᠰᠡᠨ ᠳᠠᠷᠠᠭ᠎ᠠ ᠲᠠᠩᠰᠠᠨ ᠡᠷᠦᠬᠡ ᠶᠢ ᠰᠣᠩᠭᠤᠵᠤ ᠲᠣᠭᠠᠴᠠᠭ᠎ᠠ ᠬᠢᠵᠦ ᠲᠡᠰᠦᠯᠦᠨ ᠪᠤᠳᠤᠨ᠎ᠠ᠃      ᠲᠠᠪᠤ᠂ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠪᠠᠷ ᠢᠶᠠᠨ ᠬᠠᠷᠢᠯᠴᠠᠨ ᠲᠤᠰᠠᠯᠠᠯᠴᠠᠵᠤ ᠳᠥᠯᠥᠬᠦ ᠶᠢ ᠪᠡᠶᠡᠯᠡᠭᠦᠯᠦᠭᠰᠡᠨ ᠤ ᠳᠠᠷᠠᠭᠠᠬᠢ ᠦᠯᠡᠳᠡᠭᠰᠡᠨ ᠬᠡᠰᠡᠭ ᠡᠮᠴᠢᠯᠡᠭᠡᠨ ᠤ ᠵᠠᠷᠤᠳᠠᠯ ᠢ ᠬᠡᠪ ᠤᠨ ᠲᠠᠰ ᠳᠠᠷᠠᠭᠠᠯᠠᠯ ᠢᠶᠠᠷ ᠳ᠋ᠦᠩᠨᠡᠨ ᠪᠤᠳᠤᠨ᠎ᠠ᠃      ᠵᠢᠷᠭᠤᠭ᠎ᠠ᠂ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠰᠠᠷ᠎ᠠ ᠰᠠᠷ᠎ᠠ ᠪᠠᠷ ᠲᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠲᠠᠩᠰᠠ ᠬᠠᠷᠭᠤᠭᠤᠯᠬᠤ ᠬᠠᠭᠤᠳᠠᠰᠤ ᠵᠢᠴᠢ ︽ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠡᠷᠬᠡ ᠣᠯᠭᠤᠨ ᠬᠡᠷᠡᠭᠯᠡᠬᠦ ᠠᠮᠠᠯᠠᠯᠲᠠ ᠶᠢᠨ ᠪᠢᠴᠢᠭ︾ ︵ᠳᠠᠭᠠᠯᠳᠤᠭᠤᠯᠤᠯ 2︶ ᠢ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠳᠤ ᠮᠡᠳᠡᠭᠦᠯᠦᠨ ᠬᠦᠷᠭᠡᠵᠦ ᠳ᠋ᠦᠩᠨᠡᠨ ᠪᠤᠳᠤᠨ᠎ᠠ᠃      ᠲᠣᠰ ᠮᠡᠳᠡᠭᠳᠡᠯ ᠢ ᠳᠣᠷᠣᠭᠰᠢ ᠲᠠᠷᠬᠠᠭᠠᠭᠰᠠᠨ ᠤ ᠳᠠᠷᠠᠭ᠎ᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠬᠡᠷ ᠪᠦᠯᠢ ᠪᠠᠷ ᠢᠶᠠᠨ ᠬᠠᠷᠢᠯᠴᠠᠨ ᠬᠠᠷᠠᠭᠠᠯᠵᠠᠵᠤ ᠬᠡᠷᠡᠭᠯᠡᠬᠦ ᠶᠢ ᠭᠠᠷᠲᠠᠨ ᠭᠦᠢᠴᠡᠳᠭᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠳᠠᠭᠠᠳᠬᠠᠯ ᠠᠯᠪᠠᠨ ᠲᠠᠷᠬᠠᠭᠠᠭᠰᠠᠨ  ﹇2021﹈ 16 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠳᠠᠬᠢ ᠠᠵᠢᠯᠯᠠᠭᠠᠨ ᠤ ᠶᠠᠪᠤᠴᠠ ᠶᠢ ᠬᠡᠷᠡᠭᠵᠢᠭᠦᠯᠬᠦ ᠪᠠᠨ ᠵᠣᠭᠰᠣᠨ᠎ᠠ᠃      ᠬᠠᠷᠢᠯᠴᠠᠬᠤ ᠬᠥᠮᠦᠨ᠄  ᠪᠤᠤ ᠮᠢᠩ      ᠬᠠᠷᠢᠯᠴᠠᠬᠤ ᠤᠲᠠᠰᠤ᠄ 0471-- 6606155      ᠬᠠᠷᠢᠯᠴᠠᠬᠤ ᠬᠥᠮᠦᠨ᠄ ᠯᠢᠦ ᠴᠢᠨ      ᠬᠠᠷᠢᠯᠴᠠᠬᠤ ᠤᠲᠠᠰᠤ᠄ 0471-- 6606185 ᠳᠠᠭᠠᠯᠳᠤᠭᠤᠯᠤᠯ᠄      1᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠮᠠᠯ ᠴᠢᠭ ᠤᠨ ᠡᠮᠨᠡᠯᠭᠡ ᠶᠢᠨ ᠬᠤᠷᠢᠶ᠎ᠠ ᠶᠢᠨ ᠵᠠᠯᠭᠠᠭᠠᠰᠤ ᠶᠢᠨ ᠵᠢᠷᠤᠮᠵᠢᠯ      2᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ︽ᠲᠠᠩᠰᠠᠨ ᠡᠷᠦᠬᠡ ᠶᠢ ᠬᠠᠷᠢᠯᠴᠠᠨ ᠬᠠᠷᠠᠭᠠᠯᠵᠠᠵᠤ ᠡᠷᠬᠡ ᠣᠯᠭᠤᠨ ᠬᠡᠷᠡᠭᠯᠡᠭᠦᠯᠬᠦ︾ ᠠᠮᠠᠯᠠᠯᠲᠠ ᠶᠢᠨ ᠪᠢᠴᠢᠭ             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ ᠶᠢᠨ ᠠᠯᠪᠠᠨ ᠭᠡᠷ                                            2021 ᠣᠨ ᠤ 8 ᠳ᠋ᠤᠭᠠᠷ ᠰᠠᠷ᠎ᠠ ᠶᠢᠨ 24 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号