ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠡᠯᠰᠡᠨ ᠴᠤᠭᠯᠠᠭᠤᠯᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠢ ᠰᠦᠯᠵᠢᠶᠡᠨ ᠳᠤ ᠬᠤᠯᠪᠤᠨ ᠠᠵᠢᠯᠯᠠᠭᠤᠯᠬᠤ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/8/27
     ᠥᠪᠥᠷ ᠡᠮ  ᠬᠤᠳᠠᠯᠳᠤᠨ ᠠᠪᠬᠤ ᠲᠥᠪ ᠦᠰᠦᠭ  ﹇2021﹈ 170 ᠳ᠋ᠤᠭᠠᠷ ᠲᠣᠭᠠᠲᠤ ᠡᠯ᠎ᠡ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠳᠤ᠄      ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠡᠯᠰᠡᠨ ᠴᠤᠭᠯᠠᠭᠤᠯᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠢ ᠰᠦᠯᠵᠢᠶᠡᠨ ᠳᠤ ᠬᠤᠯᠪᠤᠨ ᠠᠵᠢᠯᠯᠠᠭᠤᠯᠬᠤ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠠᠯᠪᠠᠨ ᠥᠰᠥᠭ  ﹇2021  ﹈ 109 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠡᠯᠰᠡᠨ ᠴᠤᠭᠯᠠᠭᠤᠯᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠢ 2021 ᠣᠨ ᠤ 8 ᠳ᠋ᠤᠭᠠᠷ ᠰᠠᠷ᠎ᠠ ᠶᠢᠨ 30 ᠤ ᠡᠳᠦᠷ ᠠᠴᠠ ᠡᠬᠢᠯᠡᠨ ᠰᠦᠯᠵᠢᠶᠡᠨ ᠳᠤ ᠬᠤᠯᠪᠤᠨ ᠠᠵᠢᠯᠯᠠᠭᠤᠯᠤᠨ᠎ᠠ᠃ 8 ᠳ᠋ᠤᠭᠠᠷ ᠰᠠᠷ᠎ᠠ ᠶᠢᠨ 27 ᠤ ᠡᠳᠦᠷ ᠰᠢᠰᠲ᠋ᠧᠮ ᠤᠨ ᠠᠵᠢᠯᠯᠠᠭᠠᠨ ᠤ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠦᠨ᠎ᠡ᠂ ᠪᠣᠳᠠᠲᠠᠶ ᠵᠦᠢᠯᠡᠰ ᠢ ᠳᠣᠤᠷᠠᠬᠢ ᠮᠡᠲᠦ ᠲᠤᠬᠢᠷᠠᠭᠤᠯᠪᠠ᠄      ᠨᠢᠭᠡ᠂ ᠪᠣᠯᠪᠠᠰᠤᠷᠠᠭᠤᠯᠤᠯ ᠴᠠᠭ 2021 ᠣᠨ ᠤ 8 ᠳ᠋ᠤᠭᠠᠷ ᠰᠠᠷ᠎ᠠ ᠶᠢᠨ 27 ᠤ ᠡᠳᠦᠷ ᠤᠨ 9᠄ 00 — 11᠄ 30᠃      ᠬᠤᠶᠠᠷ᠂ ᠪᠣᠯᠪᠠᠰᠤᠷᠠᠭᠤᠯᠤᠯ ᠤᠨ ᠠᠷᠭ᠎ᠠ ᠮᠠᠶ᠋ᠢᠭ      ᠲᠣᠰ ᠤᠳᠠᠭᠠᠨ ᠤ ᠪᠣᠯᠪᠠᠰᠤᠷᠠᠭᠤᠯᠤᠯ ᠢ ᠰᠦᠯᠵᠢᠶᠡᠨ ᠳᠡᠭᠡᠷᠡᠬᠢ ᠲᠧᠩ ᠰᠢᠶᠦ᠋ᠨ ᠸᠢᠳᠢᠤ᠋ ᠶᠢᠨ ᠬᠤᠷᠠᠯ ᠤᠨ ᠬᠡᠯᠪᠡᠷᠢ ᠪᠠᠷ ᠶᠠᠪᠤᠭᠳᠠᠭᠤᠯᠤᠨ᠎ᠠ᠃      ᠬᠤᠷᠠᠯ ᠤᠨ ᠭᠤᠤᠯ ᠰᠡᠳᠦᠪ᠄ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠡᠯᠰᠡᠨ ᠴᠤᠭᠯᠠᠭᠤᠯᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠪᠦᠷᠢᠯᠡᠯ ᠤᠨ ᠠᠵᠤ ᠠᠬᠤᠶᠢᠯᠠᠯ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠪᠣᠯᠪᠠᠰᠤᠷᠠᠭᠤᠯᠤᠯ ᠤᠨ ᠬᠤᠷᠠᠯᠳᠤᠭᠠᠨ᠃      ᠬᠤᠷᠠᠯ ᠤᠨ ᠬᠤᠯᠪᠤᠭᠠᠰᠦ᠄ https://meeting.tencent.com/dm/tQQEwv8xIsc1      ᠬᠤᠷᠠᠯ ID᠄ 215 232 751      ᠭᠤᠷᠪᠠ᠂ ᠪᠤᠰᠤᠳ ᠵᠦᠢᠯ      ᠬᠤᠷᠠᠯ ᠳᠤ ᠣᠷᠣᠯᠴᠠᠭᠰᠠᠨ ᠨᠢᠭᠡᠴᠢ ᠨᠦᠭᠦᠳ ᠬᠤᠷᠠᠯ ᠳᠤ ᠣᠷᠣᠯᠴᠠᠭᠰᠠᠨ ᠬᠠᠷᠢᠭᠤ ᠪᠠᠷᠢᠮᠲᠠ ᠪᠠᠨ 8 ᠳ᠋ᠤᠭᠠᠷ ᠰᠠᠷ᠎ᠠ ᠶᠢᠨ 26 ᠤ ᠡᠳᠦᠷ ᠤᠨ 19 ᠴᠠᠭ ᠠᠴᠠ ᠡᠮᠦᠨ᠎ᠡ ᠰᠢᠦᠳᠠᠨ ᠬᠠᠶᠢᠷᠴᠠᠭ shuangbao1960@163.com ᠳᠤ ᠬᠠᠷᠢᠭᠤ ᠮᠡᠳᠡᠭᠳᠡᠭᠡᠷᠡᠶ᠃      ᠬᠠᠷᠢᠯᠴᠠᠬᠤ ᠤᠳᠠᠰᠦ᠄ 0471-- 4967106  4908367                 ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ                          2021 ᠣᠨ ᠤ 8 ᠳ᠋ᠤᠭᠠᠷ ᠰᠠᠷ᠎ᠠ ᠶᠢᠨ 26 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号