ᠡᠮ ᠡᠮᠨᠡᠯᠭᠡ ᠶᠢᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠦᠢᠯᠡᠴᠢᠯᠡᠭᠡᠨ ᠤ ᠡᠳᠦᠷ ᠢ ᠲᠤᠭᠳᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/8/27
      ᠥᠪᠥᠷ ᠡᠮ ᠬᠤᠳᠠᠯᠳᠤᠨ ᠠᠪᠬᠤ ᠲᠥᠪ ᠦᠰᠦᠭ ﹇2021﹈ 168 ᠳ᠋ᠤᠭᠠᠷ ᠲᠣᠭᠠᠲᠤ ᠡᠯ᠎ᠡ ᠡᠮ ᠡᠮᠨᠡᠯᠭᠡ ᠵᠢᠨ‌ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠳᠤ᠄      ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠬᠠᠯᠠᠮᠰᠢᠯ ᠪᠠ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠠᠵᠤ ᠠᠬᠤᠶᠢᠯᠠᠯ ᠤᠨ ᠬᠠᠷᠢᠯᠴᠠᠨ ᠵᠦᠪᠳᠡᠯᠴᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠠᠪᠴᠠᠩ ᠤᠨ ᠠᠵᠢᠯᠯᠠᠭ᠎ᠠ ᠶᠢ ᠪᠤᠯᠪᠠᠰᠤᠷᠠᠩᠭᠤᠢ ᠡᠵᠡᠮᠰᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠨᠢ ᠲᠤᠬᠠᠶᠢᠯᠠᠭᠰᠠᠨ ᠠᠵᠢᠯ ᠤᠨ ᠲᠥᠷᠥᠯ ᠬᠡᠯᠪᠡᠷᠢ ᠶᠢᠨ ᠶᠣᠰᠣᠭᠠᠷ ᠠᠰᠠᠭᠤᠨ ᠯᠠᠪᠯᠠᠬᠤ ᠦᠢᠯᠡᠴᠢᠯᠡᠭᠡᠨ ᠤ ᠡᠳᠦᠷ ᠲᠤᠭᠳᠠᠭᠠᠬᠤ ᠪᠠᠷ ᠪᠤᠯᠤᠯ᠎ᠠ᠂ ᠡᠳᠦᠭᠡ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂ ᠠᠰᠠᠭᠤᠨ ᠯᠠᠪᠯᠠᠬᠤ ᠦᠢᠯᠡᠴᠢᠯᠡᠭᠡᠨ ᠤ ᠠᠭᠤᠯᠭ᠎ᠠ      ︵ᠨᠢᠭᠡ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠮᠠᠳᠠᠭ ᠲᠠᠢ ᠠᠰᠠᠭᠤᠳᠠᠯ︔    ︵ᠬᠤᠶᠠᠷ︶ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ᠂ ᠭᠤᠮᠣᠳᠠᠯ ᠲᠤᠭᠠᠴᠠᠭᠰᠠᠨ ᠮᠠᠳᠠᠭ ᠲᠠᠢ ᠠᠰᠠᠭᠤᠳᠠᠯ ᠳᠤ ᠯᠠᠪᠯᠠᠭ᠎ᠠ ᠥᠭᠬᠦ︔      ︵ᠭᠤᠷᠪᠠ︶ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠢᠰᠲ᠋ᠧᠮ ᠤᠨ  ᠠᠵᠢᠯᠯᠠᠭ᠎ᠠ ᠶᠢ ᠵᠢᠯᠤᠭᠤᠳᠬᠤ︔      ︵ᠳᠥᠷᠪᠡ︶ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠠᠵᠢᠯ ᠤᠨ ᠲᠤᠬᠠᠶ ᠰᠠᠨᠠᠯ ᠪᠠ ᠰᠠᠨᠠᠭᠤᠯᠭ᠎ᠠ ᠲᠠᠯᠪᠢᠬᠤ᠃      ᠬᠤᠶᠠᠷ᠂ ᠠᠰᠠᠭᠤᠨ ᠯᠠᠪᠯᠠᠬᠤ ᠦᠢᠯᠡᠴᠢᠯᠡᠭᠡᠨ ᠤ ᠴᠠᠭ      ︵ᠨᠢᠭᠡ︶ ᠦᠢᠯᠡᠴᠢᠯᠡᠬᠦ ᠴᠠᠭ᠃ 2021 ᠣᠨ ᠤ 9 ᠳ᠋ᠤᠭᠡᠷ ᠰᠠᠷ᠎ᠠ ᠶᠢᠨ 1 ᠤ ᠡᠳᠦᠷ ᠠᠴᠠ 12  ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠭᠠᠷᠠᠭ ᠪᠦᠷᠢ ᠶᠢᠨ ᠬᠤᠶᠠᠷ ᠠᠴᠠ ᠭᠠᠷᠠᠭ ᠪᠦᠷᠢ ᠶᠢᠨ ᠳᠥᠷᠪᠡᠨ ᠤ ᠡᠳᠦᠷ ᠤᠨ ᠦᠳᠡ ᠶᠢᠨ ᠬᠤᠶᠢᠨᠠᠬᠢ 14᠄ 30 ᠠᠴᠠ 16᠄ 30 ᠪᠣᠯᠲᠠᠯ᠎ᠠ ︵ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠥᠬᠡᠶ︶᠃      ︵ᠬᠤᠶᠠᠷ︶ ᠲᠤᠬᠠᠶᠢᠯᠠᠭᠰᠠᠨ ᠠᠵᠢᠯ ᠤᠨ ᠲᠥᠷᠥᠯ ᠬᠡᠯᠪᠡᠷᠢ᠃ ᠭᠠᠷᠠᠭ ᠤᠨ ᠬᠤᠶᠠᠷ ᠲᠤ ᠡᠮ ᠲᠠᠩ ᠤᠨ ᠲᠤᠬᠠᠶᠢᠯᠠᠭᠰᠠᠨ ᠠᠵᠢᠯ᠂ ᠭᠠᠷᠠᠭ ᠤᠨ ᠭᠤᠷᠪᠠᠨ ᠳᠤ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠤᠬᠠᠶᠢᠯᠠᠭᠰᠠᠨ ᠠᠵᠢᠯ᠂ ᠭᠠᠷᠠᠭ ᠤᠨ ᠳᠥᠷᠪᠡᠨ ᠳᠤ ᠰᠢᠰᠲ᠋ᠧᠮ ᠤᠨ ᠠᠵᠢᠯᠯᠠᠭ᠎ᠠ ᠳᠤ ᠵᠢᠯᠤᠭᠤᠳᠤᠯᠭ᠎ᠠ ᠬᠢᠨ᠎ᠡ᠃      ᠭᠤᠷᠪᠠ᠂ ᠠᠰᠠᠭᠤᠨ ᠯᠠᠪᠯᠠᠬᠤ ᠦᠢᠯᠡᠴᠢᠯᠡᠭᠡᠨ ᠤ ᠭᠠᠵᠠᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠤᠨ ᠨᠢᠭᠡᠳᠦᠭᠡᠷ ᠳᠠᠪᠬᠤᠷᠯᠢᠭ ᠤᠨ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠲᠠᠰᠤᠭ ︵ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 19 ᠳ᠋ᠤᠭᠡᠷ ᠨᠣᠮᠧᠷ︶᠃      ᠠᠰᠠᠭᠤᠨ ᠯᠠᠪᠯᠠᠬᠤ ᠴᠠᠭ᠂ ᠭᠠᠵᠠᠷ ᠣᠷᠣᠨ ᠨᠢ ᠬᠤᠪᠢᠷᠠᠯᠲᠠ ᠲᠠᠢ ᠪᠣᠯ ᠠᠰ ᠲᠤᠨᠢ ᠮᠡᠳᠡᠭᠳᠡᠨ᠎ᠡ᠃      ᠳᠥᠷᠪᠡ᠂ ᠬᠠᠮᠢᠶ᠎ᠠ ᠪᠥᠬᠦᠶ ᠱᠠᠭᠠᠷᠳᠠᠯᠭ᠎ᠠ      ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠠᠴᠠ ᠡᠮᠦᠨᠡᠬᠡᠨ 14 ᠡᠳᠦᠷ ᠤᠨ ᠳᠣᠲᠣᠷ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠰᠡᠵᠢᠭᠲᠡᠶ ᠡᠪᠡᠳᠴᠢᠨ ᠤ ᠢᠯᠡᠷᠡᠯ ᠲᠠᠢ᠂ ᠬᠢᠵᠢᠭ ᠤᠨ ᠪᠠᠶᠢᠳᠠᠯ ᠤᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠰᠠᠭᠠᠲᠠᠭᠰᠠᠨ ᠲᠡᠤᠬᠡ ᠲᠠᠢ ᠪᠤᠶᠤ ᠪᠤᠰᠤᠳ ᠶᠠᠮᠠᠷᠪᠠ ᠰᠡᠵᠢᠭᠲᠡᠶ ᠪᠠᠶᠢᠳᠠᠯ ᠲᠠᠢ ᠬᠥᠮᠦᠰ ᠤᠨ ᠲᠤᠬᠠᠶ ᠶᠢᠨ ᠲᠠᠯᠠᠪᠤᠷ ᠤᠨ ᠠᠰᠠᠭᠤᠨ ᠯᠠᠪᠯᠠᠯᠭ᠎ᠠ ᠶᠢ ᠬᠦᠯᠢᠶᠡᠬᠦ ᠥᠬᠡᠶ︔ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠭᠴᠢᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠳᠡᠩᠰᠡᠯᠡᠨ ᠲᠡᠮᠳᠡᠭᠯᠡᠬᠦ ᠪᠠ ᠪᠠᠶᠢᠴᠠᠭᠠᠨ ᠰᠢᠯᠭᠠᠬᠤ ᠳᠤ ᠬᠠᠮᠵᠢᠯᠴᠠᠬᠤ ᠠᠵᠢᠯ ᠢ ᠰᠠᠶᠢᠲᠤᠷ ᠬᠢᠵᠦ᠂ ᠠᠰᠠᠭᠤᠨ ᠯᠠᠪᠯᠠᠬᠤ ᠳᠤ ᠪᠥᠬᠦ ᠶᠠᠪᠤᠴᠠ ᠳᠤ ᠠᠮᠠᠪᠴᠢ ᠵᠡᠭᠦᠬᠦ ᠬᠡᠷᠡᠭᠲᠡᠶ᠃                     ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ                                 2021 ᠣᠨ ᠤ 8 ᠳ᠋ᠤᠭᠠᠷ ᠰᠠᠷ᠎ᠠ ᠶᠢᠨ 26 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号