ᠡᠶᠢᠮᠦᠷᠬᠦ ᠪᠠᠶᠢᠴᠠᠭᠠᠯᠲᠠ ᠶᠢ ᠬᠡᠦᠬᠡᠳ ᠲᠤ ᠪᠠᠶᠢᠩᠭᠤ ᠬᠢᠬᠦ ᠠᠶᠦᠯᠳᠠᠢ︕
ᠨᠡᠶᠢᠲᠡᠯᠡᠭᠰᠡᠨ ᠴᠠᠭ᠄
2021/8/29
      ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠣᠶᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠬᠡᠤᠬᠡᠳ ᠤᠨ ᠪᠡᠶ᠎ᠡ ᠳᠠᠬᠢ ᠪᠢᠴᠢᠯ ᠡᠯᠧᠮᠧᠨ᠋ᠲ ᠢ ᠬᠡᠮᠵᠢᠬᠦ ᠳᠤ ᠬᠢᠨᠠᠯᠲᠠ ᠲᠠᠯᠪᠢᠬᠤ ᠬᠠᠤᠯᠢ  ᠬᠡᠷᠡᠭᠵᠢᠭᠦᠯᠬᠦ  ᠠᠵᠢᠯ ᠢ ᠴᠢᠩᠭᠠᠳᠬᠠᠵᠤ᠂ ᠪᠢᠴᠢᠯ ᠡᠯᠧᠮᠧᠨ᠋ᠲ ᠢ ᠬᠡᠮᠵᠢᠬᠦ ᠶᠢ ᠪᠡᠶ᠎ᠡ ᠶᠢᠨ  ᠪᠠᠶᠢᠴᠠᠭᠠᠯᠲᠠ  ᠵᠡᠷᠭᠡ  ᠨᠡᠶᠢᠳᠡᠮ  ᠪᠠᠶᠢᠴᠠᠭᠠᠯᠲᠠ ᠶᠢᠨ  ᠲᠥᠷᠥᠯ‌ᠵᠣᠶᠢᠯ ᠪᠣᠯᠭᠠᠵᠤ ᠪᠣᠯᠬᠤ ᠥᠬᠡᠶ ᠭᠡᠵᠦ ᠱᠠᠭᠠᠷᠳᠠᠪᠠ᠃                              ᠣᠷᠣᠨ ᠨᠤᠲᠤᠭ ᠤᠨ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ  ᠰᠠᠯᠠᠭ᠎ᠠ‌ᠮᠥ᠋ᠴᠢᠷ ᠤᠳ ᠬᠡᠤᠬᠡᠳ ᠤᠨ ᠪᠢᠴᠢᠯ ᠡᠯᠧᠮᠧᠨ᠋ᠲ ᠢ ᠬᠡᠮᠵᠢᠬᠦ ᠳᠤ ᠬᠢᠨᠠᠯᠲᠠ ᠲᠠᠯᠪᠢᠵᠤ  ᠬᠠᠤᠯᠢ  ᠬᠡᠷᠡᠭᠵᠢᠭᠦᠯᠬᠦ  ᠠᠵᠢᠯ ᠢᠶᠠᠨ ᠴᠢᠩᠭᠠᠳᠬᠠᠵᠤ᠂ ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠵᠥᠷᠢᠴᠡᠨ ᠪᠠᠶᠢᠴᠠᠭᠠᠨ ᠬᠡᠮᠵᠢᠯᠲᠡ ᠬᠢᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠯᠤᠨ ᠡᠮᠨᠡᠯᠭᠡ ᠶᠢᠨ ᠠᠵᠢᠯᠲᠠᠨ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ ᠬᠡᠵᠠᠢ᠃                              ᠮᠠᠨ ᠤ ᠤᠯᠤᠰ ᠠᠯᠢ ᠡᠷᠲᠡ 2013 ᠣᠨ ᠳᠤ ︽ᠬᠡᠤᠬᠡᠳ ᠤᠨ ᠪᠢᠴᠢᠯ ᠡᠯᠧᠮᠧᠨ᠋ᠲ ᠢ ᠬᠡᠮᠵᠢᠬᠦ ᠶᠢ  ᠵᠢᠷᠤᠮᠵᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠬᠦᠨ ᠢ ᠨᠡᠶᠢᠳᠡᠮ ᠪᠠᠶᠢᠴᠠᠭᠠᠯᠲᠠ ᠶᠢᠨ ᠳᠦᠷᠦᠯ ᠪᠣᠯᠭᠠᠬᠤ ᠨᠢ ᠵᠣᠬᠢᠰ ᠥᠬᠡᠶ᠂ ᠢᠯᠠᠩᠭᠤᠶ᠎ᠠ 6 ᠰᠠᠷ᠎ᠠ ᠪᠤᠯᠤᠭ᠎ᠠ ᠦᠬᠡᠢ ᠨᠢᠯᠬ᠎ᠠ ᠬᠡᠤᠬᠡᠳ ᠲᠤ ᠨᠡᠩ ᠪᠤᠯᠬᠤ ᠦᠬᠡᠢ ᠭᠡᠵᠦ  ᠲᠣᠳᠣᠷᠬᠠᠶ  ᠵᠢᠭᠠᠭᠰᠠᠨ  ᠪᠣᠯᠪᠠᠴᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠨ ᠤ ᠤᠴᠢᠷ ᠪᠤᠯᠭᠠᠭ᠎ᠠ ᠦᠬᠡᠢ ᠪᠠᠶᠢᠳᠠᠯ  ᠦᠷᠬᠦᠯᠵᠢᠯᠡᠭᠰᠡᠭᠡᠷ ᠢᠷᠡᠭᠰᠡᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号