ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠲᠠᠭᠳᠠᠵᠤ ᠪᠠᠶᠢᠭ᠎ᠠ ᠡᠮ ᠤᠨ ᠵᠦᠢᠯ ᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠤᠨ ᠲᠤᠬᠠᠢ ᠨᠡᠶᠢᠳᠡᠯᠡᠯ
ᠨᠡᠶᠢᠲᠡᠯᠡᠭᠰᠡᠨ ᠴᠠᠭ᠄
2021/8/3
                 ᠥᠪᠥᠷ ᠡᠮ ᠬᠤᠳᠠᠯᠳᠤᠨ ᠠᠪᠬᠤ ᠲᠥᠪ ᠦᠰᠦᠭ  ﹇2021﹈  142 ᠳ᠋ᠤᠭᠠᠷ ᠲᠣᠭᠠᠲᠤ ᠡᠯ᠎ᠡ ᠬᠠᠮᠢᠶ᠎ᠠ ᠪᠥᠬᠦᠶ ᠨᠢᠭᠡᠴᠢ᠄      ︽ᠳᠤᠲᠠᠭᠳᠠᠵᠤ ᠪᠠᠶᠢᠭ᠎ᠠ ᠡᠮ ᠤᠨ ᠵᠦᠢᠯ ᠢ ᠰᠦᠯᠵᠢᠶᠡᠨ ᠳᠤ ᠬᠤᠯᠪᠣᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ  ﹇2021﹈ 107 ᠳ᠋ᠤᠭᠠᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2021 ᠣᠨ ᠤ 6 ᠳ᠋ᠤᠭᠠᠷ ᠰᠠᠷ᠎ᠠ ᠶᠢᠨ 15 ᠤ ᠡᠳᠦᠷ ᠠᠴᠠ 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠮᠡᠳᠡᠭᠦᠯᠦᠭᠰᠡᠨ ᠳᠤᠲᠠᠭᠳᠠᠵᠤ ᠪᠠᠶᠢᠭ᠎ᠠ ᠡᠮ ᠤᠨ ᠵᠦᠢᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠨᠡᠶᠢᠲᠡᠯᠡᠬᠦ ᠶᠢᠨ ᠬᠠᠮᠲᠤ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂ ᠬᠤᠳᠠᠯᠳᠤᠨ ᠠᠪᠴᠤ ᠬᠠᠩᠭᠠᠬᠤ      ᠦᠷ᠎ᠡ ᠳ᠋ᠦᠩ ᠢ ᠨᠡᠶᠢᠲᠡᠯᠡᠭᠰᠡᠨ ᠤ ᠳᠠᠷᠠᠭ᠎ᠠ᠂ ᠬᠢᠨᠠᠨ ᠬᠠᠷᠭᠤᠭᠤᠯᠤᠭᠠᠳ ᠡᠮ ᠤᠨ ᠵᠦᠢᠯ ᠢ ᠡᠮ ᠤᠨ ᠵᠦᠢᠯ ᠬᠤᠳᠠᠯᠳᠤᠨ ᠠᠪᠬᠤ ᠰᠢᠰᠲ᠋ᠧᠮ ᠳᠤ ᠣᠷᠣᠭᠤᠯᠵᠤ᠂ ᠡᠯ᠎ᠡ ᠨᠢᠭᠡᠴᠢ ᠨᠦᠭᠦᠳ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠡᠮ ᠤᠨ ᠵᠦᠢᠯ ᠬᠤᠳᠠᠯᠳᠤᠨ ᠠᠪᠬᠤ ᠪᠠ ᠳᠣᠭᠢᠷᠠᠭᠤᠯᠤᠨ ᠬᠦᠷᠭᠡᠬᠦ ᠠᠵᠢᠯ ᠢ ᠥᠷᠨᠢᠭᠦᠯᠵᠦ᠂ ᠡᠮᠴᠢᠯᠡᠭᠡᠨ ᠳᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠶ᠃      ᠬᠤᠶᠠᠷ᠂ ᠭᠦᠢᠴᠡᠳᠭᠡᠬᠦ  ᠴᠠᠭ      2021 ᠣᠨ ᠤ 8  ᠳ᠋ᠤᠭᠠᠷ ᠰᠠᠷ᠎ᠠ ᠶᠢᠨ 3 ᠤ ᠡᠳᠦᠷ      ᠭᠤᠷᠪᠠ᠂ ᠪᠤᠰᠤᠳ ᠵᠦᠢᠯ      ︵ᠨᠢᠭᠡ︶ ᠬᠡᠷᠪᠡ ᠬᠤᠯᠪᠣᠭᠳᠠᠯ ᠪᠥᠬᠦᠶ ᠠᠵᠤ ᠠᠬᠤᠶᠢᠯᠠᠯ ᠨᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠳᠤ ᠣᠨᠳᠣᠤ ᠰᠠᠨᠠᠯ ᠲᠠᠢ ᠪᠠᠶᠢᠪᠠᠯ᠂ ︽ᠬᠡᠨ ᠰᠠᠨᠠᠯ ᠲᠠᠢ ᠪᠣᠯ ᠲᠡᠷᠡ ᠭᠡᠷᠡᠴᠢ ᠳᠤᠷᠠᠳᠬᠤ︾ ᠵᠠᠷᠴᠢᠮ ᠤᠨ ᠶᠣᠰᠣᠭᠠᠷ᠂ ᠦᠨᠡᠨ ᠪᠣᠳᠠᠲᠠᠶ ᠬᠦᠴᠦᠨ ᠲᠠᠢ᠂ ᠪᠦᠷᠢᠨ ᠭᠦᠢᠴᠡᠳ ᠭᠡᠷᠡᠴᠢᠯᠡᠬᠦ ᠮᠠᠲ᠋ᠧᠷᠢᠶᠠᠯ ᠢ ᠬᠠᠩᠭᠠᠵᠤ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ  ᠬᠤᠳᠠᠯᠳᠤᠨ ᠠᠪᠬᠤ ᠲᠥᠪ ᠲᠤ ᠪᠢᠴᠢᠭ ᠤᠨ ᠬᠡᠯᠪᠡᠷᠢ ᠪᠠᠷ ᠵᠠᠭᠠᠯᠳᠤᠬᠤ ︵ᠣᠷᠣᠭᠤᠯᠬᠤ︶ ᠮᠠᠲ᠋ᠧᠷᠢᠶᠠᠯ ᠢᠶᠠᠨ ᠲᠤᠰᠢᠶᠠᠨ᠎ᠠ᠃      ︵ᠬᠤᠶᠠᠷ︶ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ︵ᠪᠠᠯᠠ ᠣᠷᠣᠭᠤᠯᠬᠤ︶ ᠵᠠᠭᠠᠯᠳᠤᠯᠭ᠎ᠠ ᠶᠢᠨ ᠮᠠᠲ᠋ᠧᠷᠢᠶᠠᠯ ᠳᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾ ︵ᠳᠠᠭᠠᠯᠳᠤᠭᠤᠯᠤᠯ 1︶᠂ ︽ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ︾ ︵ᠳᠠᠭᠠᠯᠳᠤᠭᠤᠯᠤᠯ 2︶᠂ ︽ᠪᠠᠶᠢᠳᠠᠯ ᠤᠨ ᠲᠣᠳᠣᠷᠬᠠᠶᠢᠯᠠᠯᠲᠠ︾ ᠪᠣᠯᠤᠨ ᠬᠠᠮᠢᠶ᠎ᠠ ᠪᠥᠬᠦᠶ ᠲᠣᠳᠣᠷᠬᠠᠶ ᠪᠥᠭᠡᠳ ᠬᠦᠴᠦᠨ ᠲᠠᠢ ᠭᠡᠷᠡᠴᠢᠯᠡᠬᠦ ᠮᠠᠲ᠋ᠧᠷᠢᠶᠠᠯ ᠪᠠᠭᠲᠠᠨ᠎ᠠ᠃      ︵ᠭᠤᠷᠪᠠ︶ ᠲᠤᠰᠢᠶᠠᠬᠤ ᠠᠷᠭ᠎ᠠ ᠮᠠᠶ᠋ᠢᠭ᠄ ᠬᠠᠮᠢᠶ᠎ᠠ ᠪᠥᠬᠦᠶ ᠡᠮ ᠤᠨ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠲᠤᠬᠠᠶᠢᠯᠠᠭᠰᠠᠨ ᠠᠵᠢᠯ ᠤᠨ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ︵ᠦᠪᠦᠷ ᠡᠮ ᠬᠤᠳᠠᠯᠳᠤᠨ ᠠᠪᠬᠤ ᠲᠥᠪ ᠥᠰᠥᠭ  ﹇2020﹈ 13 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂  ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠵᠤ ᠭᠤᠶᠤᠴᠢᠯᠠᠬᠤ ︵ᠥᠭᠬᠦ︶ ᠵᠠᠭᠠᠯᠳᠤᠯᠭ᠎ᠠ ᠶᠢᠨ ᠮᠠᠲ᠋ᠧᠷᠢᠶᠠᠯ ᠢ ᠵᠢᠭᠠᠨ ᠲᠣᠭᠲᠠᠭᠠᠭᠰᠠᠨ ᠰᠢᠤᠳᠠᠨ ᠤ ᠬᠠᠶᠢᠷᠴᠠᠭ ︵nmgyczxywsl@163.com ︶ ᠲᠤ ᠬᠦᠷᠭᠡᠨ᠎ᠡ᠃      ᠳᠥᠷᠪᠡ᠂ ᠬᠠᠷᠢᠯᠴᠠᠬᠤ ᠠᠷᠭ᠎ᠠ ᠮᠠᠶ᠋ᠢᠭ      0471 — 4919735 ︵ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ︶      0471 — 4930630 ︵ᠲᠤᠬᠠᠶᠢᠯᠠᠭᠰᠠᠨ ᠠᠵᠢᠯ ᠤᠨ ᠯᠠᠪᠯᠠᠯᠭ᠎ᠠ︶      ᠳᠠᠭᠠᠯᠳᠤᠭᠤᠯᠤᠯ᠄      1᠂ ᠳᠤᠲᠠᠭᠳᠠᠵᠤ ᠪᠠᠶᠢᠭ᠎ᠠ ᠡᠮ ᠤᠨ ᠵᠦᠢᠯ ᠢ ᠬᠢᠨᠠᠨ ᠬᠠᠷᠭᠤᠭᠤᠯᠬᠤ ᠬᠦᠰᠦᠨᠦᠭᠲᠦ      2᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ      3᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ                             ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ                                        2021 ᠣᠨ ᠤ 8 ᠳ᠋ᠤᠭᠠᠷ ᠰᠠᠷ᠎ᠠ ᠶᠢᠨ 3 ᠤ ᠡᠳᠦᠷ    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号