ᠮᠤᠵᠢ ᠬᠤᠯᠪᠤᠭᠠᠯᠠᠨ ᠲᠢᠲᠢᠮ ᠰᠤᠳᠠᠯ ᠤᠨ ᠬᠥᠲᠥᠯᠦᠮᠵᠢ ᠶᠢᠨ ᠰᠢᠷᠬᠡᠭ ᠢ ᠲᠥᠪᠯᠡᠷᠡᠩᠭᠦᠶ ᠬᠡᠮᠵᠢᠶ᠎ᠡ ᠪᠠᠷ ᠬᠤᠳᠠᠯᠳᠤᠨ ᠠᠪᠬᠤ ᠪᠠ ᠬᠡᠷᠡᠭᠯᠡᠬᠦ ᠠᠵᠢᠯ ᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/8/31
      ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄      ︽ᠮᠤᠵᠢ ᠬᠤᠯᠪᠤᠭᠠᠯᠠᠨ ᠲᠢᠲᠢᠮ ᠰᠤᠳᠠᠯ ᠤᠨ ᠬᠥᠲᠥᠯᠦᠮᠵᠢ ᠶᠢᠨ ᠰᠢᠷᠬᠡᠭ ᠢ ᠲᠥᠪᠯᠡᠷᠡᠩᠭᠦᠶ ᠬᠡᠮᠵᠢᠶ᠎ᠡ ᠪᠠᠷ ᠬᠤᠳᠠᠯᠳᠤᠨ ᠠᠪᠬᠤ ᠪᠢᠴᠢᠭ ᠮᠠᠲ᠋ᠧᠷᠢᠶᠠᠯ ︵SJLM-14-HC2021-1︶︾ ︵ᠳᠣᠷᠣᠭᠰᠢ ︽ᠬᠤᠳᠠᠯᠳᠤᠨ ᠠᠪᠬᠤ ᠪᠢᠴᠢᠭ ᠮᠠᠲ᠋ᠧᠷᠢᠶᠠᠯ︾ ᠭᠡᠵᠦ ᠲᠣᠪᠴᠢᠯᠠᠨ᠎ᠠ︶ ᠤᠨ ᠲᠣᠭᠲᠠᠭᠠᠯ ᠶᠣᠰᠣᠭᠠᠷ᠂ ᠡᠳᠦᠭᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠨ ᠤ ᠣᠷᠣᠨ ᠤ ᠲᠢᠲᠢᠮ ᠰᠤᠳᠠᠯ ᠤᠨ ᠬᠥᠲᠥᠯᠦᠮᠵᠢ ᠶᠢᠨ ᠰᠢᠷᠬᠡᠭ ᠢ ᠲᠥᠪᠯᠡᠷᠡᠩᠭᠦᠶ ᠬᠡᠮᠵᠢᠶ᠎ᠡ ᠪᠠᠷ ᠬᠤᠳᠠᠯᠳᠤᠨ ᠠᠪᠬᠤ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠲᠤᠬᠠᠢ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠬᠡᠷᠡᠭᠵᠢᠭᠦᠯᠬᠦ ᠬᠡᠪᠴᠢᠶ᠎ᠡ      ︵ᠨᠢᠭᠡ︶ ᠦᠢᠯᠡᠳᠭᠦᠨ ᠤ ᠬᠦᠷᠢᠶ᠎ᠡ ᠬᠡᠪᠴᠢᠶ᠎ᠡ᠄ ᠮᠤᠵᠢ ᠬᠤᠯᠪᠤᠭᠠᠯᠠᠨ ᠲᠢᠲᠢᠮ ᠰᠤᠳᠠᠯ ᠤᠨ ᠬᠥᠲᠥᠯᠦᠮᠵᠢ  ᠶᠢᠨ ᠰᠢᠷᠬᠡᠭ ᠢ ᠲᠥᠪᠯᠡᠷᠡᠩᠭᠦᠶ ᠬᠡᠮᠵᠢᠶ᠎ᠡ ᠲᠠᠢ ᠪᠠᠷ ᠬᠤᠳᠠᠯᠳᠤᠨ ᠠᠪᠬᠤ ᠳᠤ ᠰᠤᠩᠭᠤᠭᠳᠠᠭᠰᠠᠨ ᠦᠷ᠎ᠡ ᠳ᠋ᠦᠩ ᠵᠢᠴᠢ ᠦᠢᠯᠡᠳᠭᠦᠨ᠃ ︵ᠳᠠᠭᠠᠯᠳᠤᠭᠤᠯᠤᠯ 1᠂ 2 ᠢ ᠦᠵᠡ︶      ︵ᠬᠤᠶᠠᠷ︶ ᠡᠮᠴᠢᠯᠡᠭᠡᠨ ᠤ ᠪᠠᠶᠢᠭᠤᠯᠤᠮᠵᠢ ᠶᠢᠨ ᠬᠦᠷᠢᠶ᠎ᠡ ᠬᠡᠪᠴᠢᠶ᠎ᠡ᠄ ᠪᠥᠬᠦ ᠣᠷᠣᠨ ᠤ ᠲᠢᠲᠢᠮ ᠰᠤᠳᠠᠯ ᠤᠨ ᠰᠢᠷᠬᠡᠭ ᠢ ᠲᠥᠪᠯᠡᠷᠡᠩᠭᠦᠶ ᠬᠡᠮᠵᠢᠶ᠎ᠡ ᠲᠠᠢ ᠪᠠᠷ ᠬᠤᠳᠠᠯᠳᠤᠨ ᠠᠪᠬᠤ ᠳᠤ ᠣᠷᠣᠯᠴᠠᠬᠤ ᠶᠢᠨ ᠬᠠᠮᠲᠤ ᠬᠤᠳᠠᠯᠳᠤᠨ ᠠᠪᠬᠤ ᠶᠢᠨ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠢ ᠮᠡᠳᠡᠭᠦᠯᠦᠨ ᠬᠦᠷᠭᠡᠬᠦ ᠶᠢ ᠪᠡᠶᠡᠯᠡᠭᠦᠯᠦᠭᠰᠡᠨ ᠡᠮᠴᠢᠯᠡᠭᠡᠨ ᠤ ᠪᠠᠳᠤᠯᠠᠭ᠎ᠠ ᠶᠢᠨ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ᠃ ︵ᠳᠠᠭᠠᠯᠳᠤᠭᠤᠯᠤᠯ 3 ᠢ ᠦᠵᠡ︶      ᠬᠤᠶᠠᠷ᠂ ᠭᠦᠢᠴᠡᠳᠭᠡᠬᠦ ᠴᠠᠭ      ᠰᠣᠩᠭᠤᠭᠳᠠᠭᠰᠠᠨ ᠦᠷ᠎ᠡ ᠳ᠋ᠦᠩ ᠢ 2021 ᠣᠨ ᠤ 10 ᠳ᠋ᠤᠭᠠᠷ ᠰᠠᠷ᠎ᠠ ᠶᠢᠨ 15 ᠤ ᠡᠳᠦᠷ ᠤᠨ ᠲᠡᠭ ᠴᠠᠭ ᠠᠴᠠ ᠡᠬᠢᠯᠡᠵᠦ ᠬᠡᠷᠡᠭᠵᠢᠭᠦᠯᠦᠨ᠎ᠡ᠂ ᠭᠦᠢᠴᠡᠳᠬᠡᠬᠦ ᠦᠶᠡᠯᠡᠯ ᠨᠢ 2 ᠵᠢᠯ᠃      ᠭᠤᠷᠪᠠ᠂ ᠲᠠᠪᠴᠠᠩ ᠢ ᠰᠦᠯᠵᠢᠶᠡᠨ ᠳᠤ ᠬᠤᠯᠪᠣᠬᠤ ᠪᠠ ᠬᠤᠳᠠᠯᠳᠤᠨ ᠠᠪᠬᠤ      ᠲᠢᠲᠢᠮ ᠰᠤᠳᠠᠯ ᠤᠨ ᠬᠥᠲᠥᠯᠦᠮᠵᠢ ᠵᠢᠨ‌‍ᠰᠢᠷᠬᠡᠭ ᠢ ᠬᠡᠮᠵᠢᠶ᠎ᠡ ᠲᠠᠢ ᠪᠠᠷ ᠬᠤᠳᠠᠯᠳᠤᠨ ᠠᠪᠠᠨ᠋ᠥ ᠳᠤᠮᠳᠠ ᠠᠴᠠ ᠰᠣᠩᠭᠤᠭᠳᠠᠭᠰᠠᠨ ᠦᠢᠯᠡᠳᠭᠦᠨ ᠤ ᠳᠤᠮᠳᠠ ᠠᠴᠠ ᠨᠢ ᠰᠣᠩᠭᠤᠭᠳᠠᠭᠰᠠᠨ ᠦᠨ᠎ᠡ ᠪᠠᠷ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠠᠨ᠋ᠥ ᠲᠥᠪ ᠤᠨ ᠰᠦᠯᠵᠢᠶᠡᠨ ᠳᠤ ᠬᠤᠯᠪᠤᠨ᠎ᠠ᠃ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠰᠣᠩᠭᠤᠭᠳᠠᠭᠰᠠᠨ ᠦᠨ᠎ᠡ ᠪᠠᠷ ᠬᠡᠷᠡᠭᠰᠡᠬᠦ ᠦᠢᠯᠡᠳᠭᠦᠨ ᠵᠢᠴᠢ ᠬᠡᠪ ᠲᠦᠷᠢᠮ ᠬᠡᠯᠪᠡᠷᠢ ᠮᠠᠶ᠋ᠢᠭ ᠢ ᠬᠤᠳᠠᠯᠳᠤᠨ ᠠᠪᠴᠤ᠂ ᠡᠪᠡᠳᠴᠢᠲᠡᠨ ᠰᠣᠩᠭᠤᠭᠳᠠᠭᠰᠠᠨ ᠦᠨ᠎ᠡ ᠪᠠᠷ ᠬᠡᠷᠡᠭᠯᠡᠨ᠎ᠡ᠃ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠪᠠᠷ ᠢᠶᠠᠨ ᠭᠦᠢᠴᠡᠳ ᠨᠡᠪᠲᠡᠷᠡᠯᠴᠡᠵᠦ᠂ ᠬᠤᠳᠠᠯᠳᠤᠨ ᠠᠪᠬᠤ ᠲᠥᠯᠥᠪᠯᠡᠭᠡ ᠪᠠᠨ ᠤᠷᠢᠳᠴᠢᠯᠠᠨ ᠰᠠᠶᠢᠲᠤᠷ ᠬᠢᠵᠦ᠂ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠡᠭᠦᠰᠴᠦ᠂ ᠡᠮᠴᠢᠯᠡᠭᠡᠨ ᠤ ᠬᠡᠷᠡᠭᠯᠡᠯᠲᠡ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠶ᠃      ᠲᠦᠷᠪᠡ᠂ ᠬᠤᠳᠠᠯᠳᠤᠨ ᠠᠪᠬᠤ ᠬᠡᠮᠵᠢᠶ᠎ᠡ ᠶᠢ ᠪᠣᠯᠵᠣᠨ ᠲᠣᠭᠲᠠᠭᠠᠬᠤ ᠪᠠ ᠬᠡᠯᠡᠯᠴᠡᠭᠡᠷ ᠢ ᠲᠣᠭᠲᠠᠭᠠᠬᠤ      ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠶᠢ ︽ᠬᠤᠳᠠᠯᠳᠤᠨ ᠠᠪᠬᠤ ᠪᠢᠴᠢᠭ ᠮᠠᠲ᠋ᠧᠷᠢᠶᠠᠯ︾ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠮᠡᠳᠡᠭᠦᠯᠬᠦ ᠬᠡᠮᠵᠢᠶ᠎ᠡ ᠶᠢᠨ ᠰᠢᠰᠲ᠋ᠧᠮ ᠤᠨ ᠠᠦ᠋ᠲ᠋ᠣ᠋ ᠬᠤᠪᠢᠶᠠᠷᠢᠯᠠᠯᠲᠠ ᠪᠠ ᠡᠮᠴᠢᠯᠡᠭᠡᠨ ᠤ ᠪᠠᠶᠢᠭᠤᠯᠤᠮᠵᠢ ᠶᠢᠨ ᠥᠪᠡᠰᠦᠪᠡᠨ ᠰᠣᠩᠭᠤᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠲᠣᠭᠲᠠᠭᠠᠨ᠎ᠠ᠃ ᠡᠮᠴᠢᠯᠡᠭᠡᠨ ᠤ ᠪᠠᠶᠢᠭᠤᠯᠤᠮᠵᠢ ᠨᠤᠭᠤᠳ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠪᠠᠨ ᠪᠡᠶᠡᠯᠡᠭᠦᠯᠦᠭᠰᠡᠨ ᠤ ᠳᠠᠷᠠᠭ᠎ᠠ᠂ ᠡᠮᠦᠨ᠎ᠡ ᠨᠢ ᠵᠢᠭᠰᠠᠭᠠᠭᠳᠠᠭᠰᠠᠨ᠂ ᠪᠠᠭᠤᠷᠠᠯᠲᠠ ᠶᠢᠨ ᠬᠡᠮᠵᠢᠶ᠎ᠡ ᠪᠠᠷ ᠨᠡᠯᠢᠶᠡᠳ ᠶᠡᠭᠡ ᠰᠣᠩᠭᠤᠭᠳᠠᠭᠰᠠᠨ ᠲᠥᠷᠥᠯ ᠵᠦᠢᠯ ᠢ ᠡᠩ ᠲᠡᠷᠢᠭᠦᠨ ᠳᠤ ᠬᠡᠷᠡᠭᠯᠡᠨ᠎ᠡ᠃ ᠬᠤᠳᠠᠯᠳᠤᠨ ᠠᠪᠬᠤ ᠦᠶᠡᠯᠡᠯ ᠤᠨ ᠬᠤᠭᠤᠴᠠᠭᠠᠨ ᠳᠤ᠂ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠠᠴᠠ ᠬᠡᠲᠦᠷᠡᠭᠰᠡᠨ ᠬᠡᠰᠡᠭ ᠢ ᠠᠵᠤ ᠠᠬᠤᠶᠢᠯᠠᠯ ᠮᠥᠨ ᠬᠦ ᠰᠣᠩᠭᠤᠭᠰᠠᠨ ᠦᠨ᠎ᠡ ᠪᠠᠷ ᠬᠠᠩᠭᠠᠬᠤ ᠬᠡᠷᠡᠭᠲᠡᠶ᠂ ᠵᠦᠶ ᠶᠣᠰᠣᠨ ᠤ ᠰᠢᠯᠲᠠᠭᠠᠨ ᠥᠬᠡᠶ ᠪᠠᠷ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠳᠦᠭᠦᠷᠲᠡᠯ᠎ᠡ ᠲᠡᠪᠴᠢᠬᠦ ᠪᠤᠶᠤ ᠲᠦᠯᠬᠢᠯᠴᠡᠵᠦ ᠪᠣᠯᠬᠤ ᠥᠬᠡᠶ᠃      ᠲᠠᠪᠤ᠂ ᠦᠢᠯᠡᠳᠬᠦᠨ ᠬᠠᠩᠭᠠᠵᠤ ᠲᠣᠬᠢᠷᠠᠭᠤᠯᠤᠨ ᠬᠦᠷᠭᠡᠬᠦ      ᠦᠢᠯᠡᠳᠪᠦᠷᠢᠯᠡᠯ ᠤᠨ ᠠᠵᠤ ᠠᠬᠤᠶᠢᠯᠠᠯ ᠨᠢ ᠬᠠᠩᠭᠠᠯᠭ᠎ᠠ ᠶᠢ ᠪᠠᠲᠤᠯᠠᠬᠤ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠬᠤᠳᠠᠯᠳᠤᠨ ᠠᠪᠬᠤ ᠪᠠ ᠪᠣᠷᠣᠯᠠᠭᠤᠯᠬᠤ ᠬᠡᠯᠡᠯᠴᠡᠭᠡᠷ ᠢ ᠴᠢᠩᠭ᠎ᠠ ᠭᠦᠢᠴᠡᠳᠬᠡᠵᠦ᠂ ᠪᠠᠴᠢᠮ ᠪᠠᠶᠢᠳᠠᠯ ᠢ ᠠᠷᠭᠠᠴᠠᠬᠤ ᠨᠥᠭᠡᠴᠡᠯᠡᠬᠦ᠂ ᠬᠥᠮᠥᠷᠭᠡᠯᠡᠨ ᠬᠠᠳᠠᠭᠠᠯᠠᠬᠤ ᠪᠠ ᠦᠢᠯᠡᠳᠪᠦᠷᠢᠯᠡᠯ ᠢᠶᠠᠨ ᠵᠣᠭᠰᠣᠭᠠᠬᠤ ᠶᠢ ᠮᠡᠳᠡᠭᠦᠯᠬᠦ ᠲᠦᠷᠢᠮ ᠢ ᠪᠠᠶᠢᠭᠤᠯᠬᠤ ᠬᠡᠷᠡᠭᠲᠡᠶ᠃ ᠦᠢᠯᠡᠳᠪᠦᠷᠢᠯᠡᠯ ᠤᠨ ᠠᠵᠤ ᠠᠬᠤᠶᠢᠯᠠᠯ ᠠᠴᠠ ᠡᠵᠡᠨ ᠮᠡᠳᠡᠵᠦ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠣᠩᠭᠤᠨ ᠲᠣᠭᠲᠠᠭᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠣᠩᠭᠤᠭᠳᠠᠭᠰᠠᠨ ᠦᠢᠯᠡᠳᠭᠦᠨ ᠢ ᠳᠣᠭᠢᠷᠠᠭᠤᠯᠤᠨ ᠬᠦᠷᠭᠡᠬᠦ ᠠᠵᠢᠯ ᠢ ᠡᠭᠦᠷᠭᠡᠯᠡᠵᠦ ᠪᠥᠬᠦᠶ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠡᠮᠴᠢᠯᠡᠭᠡᠨ ᠤ ᠪᠠᠶᠢᠭᠤᠯᠤᠮᠵᠢ ᠶᠢᠨ ᠵᠠᠬᠢᠶᠠᠯᠠᠭ᠎ᠠ ᠶᠢᠨ ᠬᠠᠭᠤᠳᠠᠰᠤ ᠶᠢ ᠴᠠᠭ ᠲᠤᠬᠠᠶ ᠳᠤᠨᠢ ᠳᠠᠭᠠᠵᠤ᠂ ᠡᠮᠴᠢᠯᠡᠭᠡᠨ ᠳᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠬᠤ ᠬᠡᠷᠡᠭᠲᠡᠶ ᠃ ᠡᠮᠴᠢᠯᠡᠭᠡᠨ ᠤ ᠪᠠᠶᠢᠭᠤᠯᠤᠮᠵᠢ ᠨᠢ ᠪᠠᠷᠠᠭ᠎ᠠ ᠶᠢ ᠭᠥᠯᠢᠶᠡᠨ ᠠᠪᠤᠭᠰᠠᠨ ᠤ ᠳᠠᠷᠠᠭ᠎ᠠ ᠴᠠᠭ ᠲᠤᠬᠠᠶ ᠳᠤᠨᠢ ᠪᠠᠷᠠᠭ᠎ᠠ ᠶᠢ ᠰᠢᠯᠭᠠᠨ ᠪᠠᠶᠢᠴᠠᠭᠠᠵᠤ ᠬᠥᠮᠥᠷᠭᠡ ᠳᠤ ᠣᠷᠣᠭᠤᠯᠬᠤ ᠶᠢᠨ ᠬᠠᠮᠲᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠲᠤ ᠳᠠᠮᠵᠢᠭᠤᠯᠬᠤ ᠬᠡᠷᠡᠭᠲᠡᠶ᠃      ᠵᠢᠷᠭᠤᠭ᠎ᠠ᠂ ᠰᠠᠭᠤᠷᠢ ᠮᠥᠩᠭᠦ ᠶᠢ ᠤᠷᠢᠳᠴᠢᠯᠠᠨ ᠥᠭᠬᠦ ᠵᠢᠴᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ      ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠰᠣᠩᠭᠤᠭᠳᠠᠭᠰᠠᠨ ᠦᠢᠯᠡᠳᠭᠦᠨ ᠤ ᠰᠣᠩᠭᠤᠭᠳᠠᠭᠰᠠᠨ ᠦᠨ᠎ᠡ ᠬᠠᠩᠰᠢ᠂ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠠᠵᠤ ᠠᠬᠤᠶᠢᠯᠠᠯ ᠯᠤᠭ᠎ᠠ ᠪᠣᠯᠵᠣᠨ ᠲᠣᠭᠲᠠᠭᠰᠠᠨ ᠬᠤᠳᠠᠯᠳᠤᠨ ᠠᠪᠬᠤ ᠦᠢᠯᠡᠳᠭᠦᠨ ᠵᠢᠴᠢ ᠲᠤᠭ᠎ᠠ ᠬᠡᠮᠵᠢᠶ᠎ᠡ ᠶᠢ ᠦᠨᠳᠦᠰᠦᠯᠡᠨ᠂ ᠰᠣᠩᠭᠤᠭᠳᠠᠭᠰᠠᠨ ᠦᠢᠯᠡᠳᠭᠦᠨ ᠤ ᠪᠣᠯᠵᠣᠨ ᠲᠣᠭᠲᠠᠭᠰᠠᠨ ᠬᠤᠳᠠᠯᠳᠤᠨ ᠠᠪᠬᠤ ᠵᠣᠭᠤᠰ ᠤᠨ ᠲᠤᠭ᠎ᠠ ᠶᠢ ᠲᠥᠰᠦᠭᠡᠯᠡᠨ ᠪᠤᠳᠤᠬᠤ ᠬᠡᠷᠡᠭᠲᠡᠶ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠶᠢᠨ ᠲᠥᠰᠦᠪ ᠤᠨ ᠬᠠᠮᠢᠶᠠᠷᠤᠯᠲᠠ ᠶᠢᠨ ᠰᠠᠭᠤᠷᠢᠨ ᠳᠡᠭᠡᠷ᠎ᠡ᠂ ᠤᠷᠢᠳᠴᠢᠯᠠᠨ ᠥᠭᠬᠦ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠬᠢᠭᠡᠳ ᠰᠣᠩᠭᠤᠭᠳᠠᠭᠰᠠᠨ ᠠᠵᠤ ᠠᠬᠤᠶᠢᠯᠠᠯ ᠬᠤᠳᠠᠯᠳᠤᠨ ᠠᠪᠬᠤ ᠵᠥᠪᠯᠡᠯᠴᠡᠭᠡᠷ ᠲᠣᠭᠲᠠᠭᠰᠠᠨ ᠤ ᠳᠠᠷᠠᠭ᠎ᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠣᠨ ᠤ ᠪᠣᠯᠵᠣᠨ ᠲᠣᠭᠲᠠᠭᠰᠠᠨ ᠬᠤᠳᠠᠯᠳᠤᠨ ᠠᠪᠬᠤ ᠵᠣᠭᠤᠰ ᠤᠨ ᠲᠤᠭ᠎ᠠ ᠶᠢᠨ 30% ᠠᠴᠠ ᠳᠣᠤᠷ᠎ᠠ ᠥᠬᠡᠶ ᠪᠠᠷ ᠡᠮᠴᠢᠯᠡᠭᠡᠨ ᠤ ᠪᠠᠶᠢᠭᠤᠯᠤᠮᠵᠢ ᠳᠤ ᠤᠷᠢᠳᠴᠢᠯᠠᠨ ᠥᠭᠬᠦ ᠶᠢᠨ ᠬᠠᠮᠲᠤ᠂ ᠡᠮᠴᠢᠯᠡᠭᠡᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ ᠢ ᠪᠠᠷᠠᠭᠠᠨ ᠤ ᠵᠣᠭᠤᠰ ᠢᠶᠠᠨ ᠴᠠᠭ ᠲᠤᠬᠠᠶ ᠳᠤᠨᠢ ᠳ᠋ᠦᠩᠨᠡᠨ ᠪᠤᠳᠤᠵᠤ ᠳᠠᠭᠤᠰᠬᠠᠬᠤ ᠶᠢ ᠱᠠᠭᠠᠷᠳᠠᠵᠤ᠂ ᠳ᠋ᠦᠩᠨᠡᠨ ᠪᠤᠳᠤᠵᠤ ᠳᠠᠭᠤᠰᠬᠠᠬᠤ ᠴᠠᠭ ᠢ ᠪᠠᠷᠠᠭ᠎ᠠ ᠲᠤᠰᠢᠶᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠰᠠᠷ᠎ᠠ ᠶᠢᠨ ᠰᠡᠭᠦᠯᠴᠢ ᠠᠴᠠ ᠬᠡᠲᠦᠷᠡᠭᠦᠯᠵᠦ ᠪᠣᠯᠬᠤ ᠥᠬᠡᠶ᠃ ᠲᠢᠲᠢᠮ ᠰᠤᠳᠠᠯ ᠤᠨ ᠬᠥᠲᠥᠯᠦᠮᠵᠢ ᠶᠢᠨ ᠰᠢᠷᠬᠡᠭ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠳᠤ ᠰᠣᠩᠭᠤᠭᠳᠠᠭᠰᠠᠨ ᠦᠢᠯᠡᠳᠭᠦᠨ ᠢ ᠰᠣᠩᠭᠤᠭᠳᠠᠭᠰᠠᠨ ᠦᠨ᠎ᠡ ᠪᠠᠷ ᠲᠣᠭᠠᠴᠠᠭ᠎ᠠ ᠬᠢᠬᠦ ᠪᠠᠷᠢᠮᠵᠢᠶ᠎ᠠ ᠪᠣᠯᠭᠠᠵᠤ᠂ ᠪᠥᠬᠦ ᠲᠤᠭ᠎ᠠ ᠪᠠᠷ ᠨᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠲᠣᠭᠲᠠᠭᠠᠭᠰᠠᠨ ᠬᠠᠷᠢᠴᠠᠯ ᠢᠶᠠᠷ ᠲᠣᠭᠠᠴᠠᠭ᠎ᠠ ᠬᠢᠬᠦ ᠬᠡᠷᠡᠭᠲᠡᠶ᠃ ᠰᠣᠩᠭᠤᠭᠳᠠᠭᠰᠠᠨ ᠦᠢᠯᠡᠳᠭᠦᠨ ᠠᠴᠠ ᠭᠠᠳᠠᠨᠠᠬᠢ ᠲᠢᠲᠢᠮ ᠰᠤᠳᠠᠯ ᠤᠨ ᠬᠦᠳᠦᠯᠦᠮᠵᠢ ᠶᠢᠨ ᠰᠢᠷᠬᠡᠭ ᠨᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠬᠠᠷᠢᠶᠠᠯᠠᠭᠳᠠᠪᠠᠯ᠂ ᠥᠪᠡᠷᠲᠡᠭᠡᠨ ᠵᠠᠰᠠᠬᠤ ᠣᠷᠣᠨ ᠠᠴᠠ ᠪᠣᠳᠠᠲᠠᠶ ᠠᠷᠠᠯᠵᠢᠶᠠᠯᠠᠭᠰᠠᠨ ᠦᠨ᠎ᠡ ᠬᠠᠩᠰᠢ ᠶᠢ ᠦᠨᠳᠦᠰᠦᠯᠡᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢᠨ ᠥᠨᠳᠥᠷ ᠬᠢᠵᠠᠭᠠᠷ ᠢ ᠵᠦᠶ ᠵᠣᠬᠢᠰᠲᠠᠶ ᠲᠣᠭᠲᠠᠭᠠᠵᠤ᠂ ᠡᠪᠡᠳᠴᠢᠲᠡᠨ ᠤ ᠬᠡᠷᠡᠭᠯᠡᠬᠦ ᠦᠨ᠎ᠡ ᠬᠠᠩᠰᠢ ᠨᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢᠨ ᠥᠨᠳᠥᠷ ᠬᠢᠵᠠᠭᠠᠷ ᠠᠴᠠ ᠳᠠᠪᠠᠭᠰᠠᠨ ᠦᠢᠯᠡᠳᠭᠦᠨ ᠤ ᠬᠡᠲᠦᠷᠡᠭᠰᠡᠨ ᠬᠡᠰᠡᠭ ᠢ ᠵᠠᠷᠴᠢᠮ ᠳᠡᠭᠡᠷ᠎ᠡ ᠪᠠᠨ ᠡᠪᠡᠳᠴᠢᠲᠡᠨ ᠥᠪᠡᠷᠲᠡᠭᠡᠨ ᠲᠣᠭᠠᠴᠠᠭ᠎ᠠ ᠬᠢᠨ᠎ᠠ᠃ ᠰᠦᠯᠵᠢᠶᠡᠨ ᠳᠤ ᠬᠤᠯᠪᠤᠭᠰᠠᠨ ᠦᠨ᠎ᠡ᠂ ᠡᠪᠡᠳᠴᠢᠲᠡᠨ ᠤ ᠥᠪᠡᠰᠦᠪᠡᠨ ᠳᠥᠯᠥᠬᠦ ᠬᠠᠷᠢᠴᠠᠯ ᠪᠠ ᠡᠮ ᠡᠮᠨᠡᠯᠭᠡ ᠶᠢᠨ ᠳᠠᠭᠠᠳᠬᠠᠯ ᠤᠨ ᠳᠥᠯᠥᠬᠦ ᠪᠠᠷᠢᠮᠵᠢᠶ᠎ᠠ ᠶᠢᠨ ᠥᠨᠳᠥᠷ ᠬᠢᠵᠠᠭᠠᠷ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠬᠤᠶᠠᠷ ᠵᠢᠯ ᠤᠨ ᠬᠤᠭᠤᠴᠠᠭᠠᠨ ᠳᠤ ᠳᠥᠯᠥᠬᠦ ᠪᠠᠷᠢᠮᠵᠢᠶ᠎ᠠ ᠳᠤ ᠠᠯᠬᠤᠮ ᠠᠯᠬᠤᠮ ᠢᠶᠠᠷ ᠲᠣᠬᠢᠷᠠᠭᠤᠯᠤᠯᠲᠠ ᠬᠢᠵᠦ᠂ ᠲᠡᠭᠦᠨ ᠢ ᠬᠠᠮᠤᠭ ᠤᠨ ᠥᠨᠳᠥᠷ ᠰᠣᠩᠭᠤᠭᠳᠠᠭᠰᠠᠨ ᠦᠨ᠎ᠡ ᠠᠴᠠ  ᠲᠠᠪᠠᠭᠤᠯᠵᠦ ᠪᠤᠯᠬᠤ ᠥᠬᠡᠶ᠃      ᠳᠣᠯᠤᠭ᠎ᠠ᠂ ᠤᠷᠮᠠᠰᠢᠭᠤᠯᠵᠤ ᠬᠢᠵᠠᠭᠠᠷᠯᠠᠬᠤ ᠲᠣᠭᠲᠠᠴᠠ      ᠡᠯ᠎ᠡ ᠨᠢᠭᠡᠳᠦᠯᠲᠡᠶ ᠲᠥᠯᠥᠪᠯᠡᠬᠦ ᠣᠷᠣᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠲᠢᠲᠢᠮ ᠰᠤᠳᠠᠯ ᠤᠨ ᠬᠦᠳᠦᠯᠦᠮᠵᠢ ᠶᠢᠨ ᠰᠢᠷᠬᠡᠭ ᠢ ᠲᠥᠪᠯᠡᠷᠡᠭᠦᠯᠦᠨ ᠬᠤᠳᠠᠯᠳᠤᠨ ᠠᠪᠬᠤ ᠬᠡᠪᠴᠢᠶᠡᠨ ᠳᠠᠬᠢ ᠲᠥᠷᠥᠯ ᠵᠦᠢᠯ  ᠳᠤ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠦᠯᠡᠳᠡᠪᠦᠷᠢ ᠬᠡᠰᠡᠭ ᠢ ᠬᠢᠨᠠᠨ ᠰᠢᠯᠭᠠᠭᠰᠠᠨ ᠤ ᠳᠠᠷᠠᠭ᠎ᠠ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠴᠠᠭ ᠲᠤᠬᠠᠶ ᠳᠤᠨᠢ ᠰᠢᠯᠵᠢᠭᠦᠯᠦᠨ ᠥᠭᠬᠦ ᠬᠡᠷᠡᠭᠲᠡᠶ᠃ ᠡᠪᠡᠳᠴᠢᠨ ᠤ ᠲᠥᠷᠥᠯ ︵ᠡᠪᠡᠳᠴᠢᠨ ᠤ ᠳᠤᠭᠤᠶᠢᠯᠠᠩ︶ ᠵᠡᠷᠭᠡ ᠠᠷᠭ᠎ᠠ ᠮᠠᠶ᠋ᠢᠭ ᠢᠶᠠᠷ ᠵᠠᠷᠤᠳᠠᠯ ᠲᠤᠰᠢᠶᠠᠬᠤ ᠶᠢ ᠥᠷᠨᠢᠭᠦᠯᠦᠭᠰᠡᠨ ᠭᠠᠵᠠᠷ ᠣᠷᠣᠨ ᠨᠢ᠂ ᠡᠪᠡᠳᠴᠢᠲᠡᠨ ᠤ ᠥᠪᠡᠷᠲᠡᠭᠡᠨ ᠳᠥᠯᠥᠬᠦ ᠬᠡᠰᠡᠭ ᠲᠤ ᠲᠥᠪᠯᠡᠷᠡᠭᠦᠯᠦᠨ  ᠬᠤᠳᠠᠯᠳᠤᠨ ᠠᠪᠬᠤ ᠦᠨ᠎ᠡ ᠪᠠᠭᠤᠷᠠᠭᠤᠯᠬᠤ ᠦᠷ᠎ᠡ ᠳ᠋ᠦᠩ ᠢ ᠪᠦᠷᠢᠮᠦᠰᠦᠨ ᠭᠥᠷᠳᠡᠬᠦ ᠶᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠲᠦᠷᠦᠭᠦᠤ ᠵᠢᠯ ᠳᠤ ᠵᠣᠬᠢᠴᠠᠩᠭᠤᠶ ᠡᠪᠡᠳᠴᠢᠨ ᠤ ᠲᠥᠷᠥᠯ ︵ᠡᠪᠡᠳᠴᠢᠨ ᠤ ᠳᠤᠭᠤᠶᠢᠯᠠᠩ︶ ᠤᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠪᠠᠭᠤᠷᠠᠭᠤᠯᠵᠦ ᠪᠣᠯᠬᠤ ᠥᠬᠡᠶ᠂ ᠬᠤᠶᠢᠰᠢᠳᠠ ᠲᠦᠷᠢᠮ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠡᠪᠡᠳᠴᠢᠨ ᠤ ᠲᠥᠷᠥᠯ ︵ᠡᠪᠡᠳᠴᠢᠨ ᠤ ᠳᠤᠭᠤᠶᠢᠯᠠᠩ︶ ᠤᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠳᠤ ᠲᠣᠬᠢᠷᠠᠭᠤᠯᠤᠯᠲᠠ ᠬᠢᠨ᠎ᠠ᠃ ᠡᠯ᠎ᠡ ᠵᠦᠢᠯ ᠤᠨ ᠤᠷᠮᠠᠰᠢᠭᠤᠯᠬᠤ ᠠᠷᠭ᠎ᠠ ᠮᠠᠶ᠋ᠢᠭ ᠢ ᠰᠠᠶᠢᠲᠤᠷ ᠵᠣᠯᠭᠠᠭᠤᠯᠵᠤ᠂ ᠳᠠᠪᠬᠤᠷᠳᠠᠭᠤᠯᠬᠤ ᠠᠴᠠ ᠵᠠᠶᠢᠯᠠᠰᠬᠢᠬᠦ ᠬᠡᠷᠡᠭᠲᠡᠶ᠃      ᠨᠠᠢᠮᠠ᠂ ᠭᠡᠷ᠎ᠡ ᠶᠢ ᠭᠦᠢᠴᠡᠳᠬᠡᠬᠦ ᠥᠢᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ      ᠰᠣᠩᠭᠤᠭᠳᠠᠭᠰᠠᠨ ᠠᠵᠤ ᠠᠬᠤᠶᠢᠯᠠᠯ ᠲᠣᠭᠲᠠᠭᠰᠠᠨ ᠴᠠᠭ ᠤᠨ ᠳᠣᠲᠣᠷ᠎ᠠ ᠵᠦᠶ ᠶᠣᠰᠣᠨ ᠤ ᠰᠢᠯᠲᠠᠭᠠᠨ ᠦᠭᠡᠶ ᠪᠠᠷ ︽ᠬᠤᠳᠠᠯᠳᠤᠨ ᠠᠪᠬᠤ ᠪᠢᠴᠢᠭ ᠮᠠᠲ᠋ᠧᠷᠢᠶᠠᠯ︾ ᠤᠨ ᠱᠠᠭᠠᠷᠳᠠᠯᠭ᠎ᠠ ᠶᠣᠰᠣᠭᠠᠷ ᠡᠮᠴᠢᠯᠡᠭᠡᠨ ᠤ ᠪᠠᠶᠢᠭᠤᠯᠤᠮᠵᠢ ᠲᠠᠢ ᠬᠡᠯᠡᠯᠴᠡᠭᠡᠷ ᠲᠣᠭᠲᠠᠭᠰᠠᠨ ᠦᠭᠡᠶ ᠪᠤᠶᠤ ᠰᠣᠩᠭᠤᠭᠳᠠᠭᠰᠠᠨ ᠦᠢᠯᠡᠳᠬᠦᠨ ᠳᠤ ᠪᠠᠷᠠᠭ᠎ᠠ ᠲᠠᠰᠤᠷᠠᠭᠰᠠᠨ᠂ ᠪᠠᠷᠠᠭ᠎ᠠ ᠳᠤᠲᠠᠭᠳᠠᠭᠰᠠᠨ᠂ ᠬᠡᠯᠪᠡᠷᠢ ᠮᠠᠶ᠋ᠢᠭ ᠨᠢ ᠪᠦᠷᠢᠨ ᠪᠤᠰᠤ᠂ ᠴᠠᠭ ᠲᠤᠬᠠᠶ ᠳᠤᠨᠢ ᠲᠣᠬᠢᠷᠠᠭᠤᠯᠤᠨ ᠬᠦᠷᠭᠡᠭᠰᠡᠨ ᠦᠭᠡᠶ᠂ ᠢᠵᠢ ᠪᠦᠷᠢᠳᠦᠭᠦᠯᠬᠦ ᠦᠢᠯᠡᠴᠢᠯᠡᠭᠡ ᠨᠢ ᠭᠦᠢᠴᠡᠳ ᠦᠭᠡᠶ ᠵᠡᠷᠭᠡ ᠪᠠᠶᠢᠳᠠᠯ ᠭᠠᠷᠤᠭᠰᠠᠨ ᠪᠠᠶᠢᠪᠠᠯ᠂ ᠬᠢᠨᠠᠨ ᠪᠠᠶᠢᠴᠠᠭᠠᠬᠤ ᠶᠢᠨ ᠬᠠᠮᠲᠤ ᠰᠣᠩᠭᠤᠭᠳᠠᠭᠰᠠᠨ ᠠᠵᠤ ᠠᠬᠤᠶᠢᠯᠠᠯ ᠲᠠᠢ ᠪᠣᠯᠵᠣᠨ ᠶᠠᠷᠢᠯᠴᠠᠭᠰᠠᠨ ᠤ ᠳᠠᠷᠠᠭ᠎ᠠ ᠮᠥᠨ ᠯᠡ ᠬᠠᠯᠠᠨ ᠰᠠᠶᠢᠵᠢᠷᠠᠭᠤᠯᠤᠭᠰᠠᠨ ᠥᠬᠡᠶ ᠪᠠᠶᠢᠪᠠᠯ᠂ ᠬᠤᠯᠪᠣᠭᠠᠯᠠᠨ ᠬᠤᠳᠠᠯᠳᠤᠨ ᠠᠪᠬᠤ ᠠᠯᠪᠠᠨ ᠬᠡᠷ ᠨᠢ ᠬᠠᠮᠢᠶ᠎ᠠ ᠪᠥᠬᠦᠶ ᠲᠣᠭᠲᠠᠭᠠᠯ ᠶᠣᠰᠣᠭᠠᠷ ᠰᠣᠩᠭᠤᠭᠳᠠᠭᠰᠠᠨ ᠠᠵᠤ ᠠᠬᠤᠶᠢᠯᠠᠯ ᠤᠨ ᠰᠣᠩᠭᠤᠭᠳᠠᠭᠰᠠᠨ ᠬᠢᠷᠢ ᠬᠡᠮ ᠢ ᠵᠣᠭᠰᠣᠭᠠᠵᠤ ᠪᠣᠯᠤᠨ᠎ᠠ᠂ ᠬᠡᠯᠡᠯᠴᠡᠭᠡᠷ ᠤᠨ ᠬᠤᠳᠠᠯᠳᠤᠨ ᠠᠪᠬᠤ ᠬᠡᠮᠵᠢᠶ᠎ᠡ ᠶᠢ ᠬᠡᠷᠡᠭᠵᠢᠭᠦᠯᠦᠭᠰᠡᠨ ᠥᠬᠡᠶ ᠪᠠᠶᠢᠪᠠᠯ᠂ ᠰᠣᠩᠭᠤᠭᠳᠠᠭᠰᠠᠨ ᠦᠨ᠎ᠡ ᠶᠢᠨ ᠳᠣᠤᠷ᠎ᠠ ᠠᠴᠠ ᠦᠨᠳᠦᠷ ᠲᠡᠰᠢ ᠰᠣᠩᠭᠤᠭᠳᠠᠭᠰᠠᠨ ᠠᠵᠤ ᠠᠬᠤᠶᠢᠯᠠᠯ ᠤᠨ  ᠡᠷᠡᠮᠡᠯᠵᠡᠯ ᠶᠢ ᠬᠤᠷᠢᠶᠠᠵᠤ ᠪᠣᠯᠤᠨ᠎ᠠ᠂ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠦᠭᠰᠡᠨ ᠤ ᠳᠠᠷᠠᠭ᠎ᠠ᠂ ᠲᠣᠰ ᠰᠣᠩᠭᠤᠭᠳᠠᠭᠰᠠᠨ ᠠᠵᠤ ᠠᠬᠤᠶᠢᠯᠠᠯ  ‍ᠤᠨ‌‍ᠰᠣᠩᠭᠤᠭᠳᠠᠭᠰᠠᠨ ᠦᠨ᠎ᠡ ᠪᠠᠷ ᠬᠠᠩᠭᠠᠨ᠎ᠠ᠃ ︽ᠬᠤᠳᠠᠯᠳᠤᠨ ᠠᠪᠬᠤ ᠪᠢᠴᠢᠭ ᠮᠠᠲ᠋ᠧᠷᠢᠶᠠᠯ︾ ᠳᠤ ᠲᠣᠭᠲᠠᠭᠠᠭᠰᠠᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠬᠠᠮᠲᠤ ᠳᠤᠨᠢ ᠠᠵᠤ ᠠᠬᠤᠶᠢᠯᠠᠯ ᠤᠨ ᠢᠲᠡᠭᠡᠮᠵᠢ ᠦᠨᠡᠯᠡᠯᠲᠡ ᠶᠢᠨ ᠲᠡᠮᠳᠡᠭᠯᠡᠯ ᠳᠤ ᠤᠷᠤᠭᠤᠯᠤᠨ᠎ᠠ᠃      ᠶᠢᠰᠦ᠂ ᠪᠥᠬᠦ ᠶᠠᠪᠤᠴᠠ ᠶᠢᠨ ᠬᠢᠨᠠᠨ  ᠪᠠᠶᠢᠴᠠᠭᠠᠯᠳᠠ ᠶᠢ ᠴᠢᠩᠭᠠᠳᠬᠠᠨ᠎ᠠ      ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠬᠢᠨᠠᠨ ᠪᠠᠶᠢᠴᠠᠭᠠᠬᠤ ᠭᠦᠢᠴᠡᠳᠭᠡᠯ ᠲᠤᠭ᠎ᠠ ᠶᠢ ᠲᠣᠭᠲᠠᠭᠠᠨ᠂ ᠲᠢᠲᠢᠮ ᠰᠤᠳᠠᠯ ᠤᠨ ᠬᠦᠳᠦᠯᠦᠮᠵᠢ ᠶᠢᠨ ᠰᠢᠷᠬᠡᠭ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠠᠨ᠋ᠥ ᠶᠢᠨ ᠳᠤᠮᠳᠠᠬᠢ ᠰᠤᠩᠭᠤᠭᠳᠠᠭᠰᠠᠨ ᠦᠷ᠎ᠡ ᠳ᠋ᠦᠩ ᠢ ᠬᠡᠷᠡᠭᠵᠢᠭᠦᠯᠦᠭᠰᠡᠨ ᠪᠠᠶᠢᠳᠠᠯ ᠳᠤ ᠤᠯᠠᠷᠢᠯ ᠢᠶᠠᠷ ᠬᠢᠨᠠᠨ ᠪᠠᠶᠢᠴᠠᠭᠠᠬᠤ ᠵᠠᠳᠠᠯᠤᠯᠲᠠ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠬᠢᠨᠠᠨ ᠪᠠᠶᠢᠴᠠᠭᠠᠬᠤ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ᠤᠯᠠᠷᠢᠯ ᠪᠦᠷᠢ ᠶᠢᠨ ᠡᠴᠦᠰ ᠲᠤ ᠱᠠᠭᠠᠷᠳᠠᠯᠭ᠎ᠠ ᠶᠣᠰᠣᠭᠠᠷ ᠬᠤᠳᠠᠯᠳᠤᠨ ᠠᠪᠤᠭᠰᠠᠨ᠂ ᠬᠡᠷᠡᠭᠯᠡᠭᠰᠡᠨ᠂ ᠳᠣᠭᠢᠷᠠᠭᠤᠯᠤᠨ ᠬᠦᠷᠭᠡᠭᠰᠡᠨ᠂ ᠵᠣᠭᠤᠰ ᠪᠤᠴᠠᠭᠠᠭᠰᠠᠨ ᠵᠡᠷᠭᠡ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠲᠤ ᠮᠡᠳᠡᠭᠦᠯᠦᠨ ᠬᠦᠷᠭᠡᠨ᠎ᠡ᠃      ᠠᠷᠪᠠ᠂ ᠲᠥᠷᠥ ᠶᠢᠨ ᠪᠣᠳᠣᠯᠭ᠎ᠠ ᠶᠢ ᠤᠬᠠᠭᠤᠯᠵᠤ ᠬᠥᠲᠥᠯᠦᠨ ᠵᠢᠯᠤᠭᠤᠳᠬᠤ      ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠬᠡᠮᠵᠢᠶ᠎ᠡ ᠲᠠᠢ ᠪᠠᠷ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠰᠠᠶᠢᠲᠤᠷ ᠬᠢᠵᠦ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠪᠠ ᠬᠠᠮᠢᠶ᠎ᠠ ᠪᠥᠬᠦᠶ ᠡᠮᠴᠢ ᠰᠤᠪᠢᠯᠠᠭᠴᠢ ᠳᠤ ᠬᠠᠨᠳᠤᠭᠤᠯᠤᠭᠰᠠᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠪᠣᠯᠪᠠᠰᠤᠷᠠᠭᠤᠯᠤᠯ ᠢ ᠭᠤᠤᠯᠳᠠᠯᠭ᠎ᠠ ᠲᠠᠢ ᠴᠢᠩᠭᠠᠳᠬᠠᠵᠤ᠂ ᠡᠮᠨᠡᠯᠭᠡ ᠶᠢᠨ ᠠᠵᠢᠯᠲᠠᠨ ᠤ ᠮᠡᠳᠡᠷᠡᠬᠦ ᠰᠡᠳᠬᠢᠯᠭᠡ ᠶᠢ ᠭᠦᠨᠵᠡᠭᠡᠶᠢᠷᠡᠭᠦᠯᠦᠨ᠂ ᠡᠪᠡᠳᠴᠢᠲᠡᠨ ᠤ ᠬᠡᠷᠡᠭᠯᠡᠬᠦ ᠡᠷᠡᠭᠡᠯᠵᠡᠭᠡ ᠶᠢ ᠠᠷᠢᠯᠭᠠᠨ᠎ᠠ᠃ ᠡᠭᠦᠨ ᠤ ᠬᠠᠮᠲᠤ᠂ ᠵᠠᠭᠠᠯᠳᠤᠯᠭ᠎ᠠ ᠵᠠᠬᠢᠳᠠᠯ ᠰᠤᠷᠪᠤᠯᠵᠢᠯᠠᠭ᠎ᠠ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠨᠢᠭᠲᠠ ᠬᠢᠨᠠᠨ  ᠪᠠᠶᠢᠴᠠᠭᠠᠵᠦ᠂ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ᠂ ᠲᠣᠬᠢᠷᠠᠭᠤᠯᠤᠯ ᠡᠵᠡᠮᠳᠡᠯ ᠪᠠ ᠬᠠᠮᠢᠶᠠᠷᠤᠯᠲᠠ ᠶᠢᠨ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠶᠡᠷᠦᠩᠬᠡᠶ ᠳᠡᠭᠡᠨ ᠲᠣᠭᠲᠠᠭᠤᠨ ᠪᠥᠭᠡᠳ ᠡᠵᠡᠮᠳᠡᠵᠦ ᠳᠡᠶᠢᠯᠬᠦ ᠶᠢ ᠦᠨᠡᠨ ᠬᠦ ᠪᠠᠲᠤᠯᠠᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ᠳᠠᠭᠠᠯᠳᠤᠭᠤᠯᠤᠯ᠄      1᠂ ᠮᠤᠵᠢ ᠬᠤᠯᠪᠤᠭᠠᠯᠠᠨ ᠲᠢᠲᠢᠮ ᠰᠤᠳᠠᠯ ᠤᠨ ᠬᠥᠲᠥᠯᠦᠮᠵᠢ ᠶᠢᠨ ᠰᠢᠷᠬᠡᠭ ᠢ ᠲᠦᠪᠯᠠᠷᠡᠩᠭᠦᠢ ᠬᠡᠮᠵᠢᠶ᠎ᠡ ᠲᠠᠢ ᠪᠠᠷ ᠬᠤᠳᠠᠯᠳᠤᠨ ᠠᠪᠬᠤ ᠳᠤᠮᠳᠠᠬᠢ ᠰᠣᠩᠭᠤᠯᠲᠠ ᠶᠢᠨ ᠦᠷ᠎ᠡ ᠳ᠋ᠦᠩ      2᠂ ᠮᠤᠵᠢ ᠬᠤᠯᠪᠤᠭᠠᠯᠠᠨ ᠲᠢᠲᠢᠮ ᠰᠤᠳᠠᠯ ᠤᠨ ᠬᠥᠲᠥᠯᠦᠮᠵᠢ ᠶᠢᠨ ᠰᠢᠷᠬᠡᠭ ᠢ ᠲᠦᠪᠯᠠᠷᠡᠩᠭᠦᠢ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠠᠪᠤᠴᠠ ᠳᠤ ᠰᠤᠩᠭᠤᠭᠳᠠᠭᠰᠠᠨ ᠦᠷ᠎ᠡ ᠳ᠋ᠦᠩ ᠳᠤ ᠵᠢᠭᠰᠠᠭᠠᠭᠰᠠᠨ ᠦᠢᠯᠡᠳᠬᠦᠨ      3᠂ ᠮᠤᠵᠢ ᠬᠤᠯᠪᠤᠭᠠᠯᠠᠨ ᠲᠢᠲᠢᠮ ᠰᠤᠳᠠᠯ ᠤᠨ ᠬᠥᠲᠥᠯᠦᠮᠵᠢ ᠶᠢᠨ ᠰᠢᠷᠬᠡᠭ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠢᠭ ᠤᠨ ᠡᠮᠴᠢᠯᠡᠭᠡᠨ ᠤ ᠪᠠᠶᠢᠭᠤᠯᠤᠮᠵᠢ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ      2021 ᠣᠨ ᠤ 8 ᠳ᠋ᠤᠭᠠᠷ ᠰᠠᠷ᠎ᠠ ᠶᠢᠨ 24 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号